ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠵᠢᠷᠭᠤᠳᠤᠭᠠᠷ ᠪᠦᠯᠦᠭ ᠡᠮ ᠤᠨ ᠵᠦᠢᠯ ᠤᠨ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠭᠰᠡᠨ ᠦᠷ᠎ᠡ ᠳ᠋ᠦᠩ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/7/15
            ᠥᠪᠥᠷ ᠡᠮ ᠬᠤᠳᠠᠯᠳᠤᠨ ᠠᠪᠬᠤ ᠲᠥᠪ ᠦᠰᠦᠭ ﹇2022﹈ 139 ᠳ᠋ᠦ᠋ᠭᠡᠷ ᠲᠣᠭᠠᠲᠤᠡᠯ᠎ᠡ ᠬᠤᠯᠪᠤᠭᠳᠠᠯ ᠪᠥᠬᠦᠢ ᠨᠢᠭᠡᠴᠢ ᠳᠤ᠄        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠡᠯᠭᠦᠭᠰᠡᠨ ᠡᠮ ᠤᠨ ᠵᠦᠢᠯ ᠤᠨ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶ᠋ᠢᠭ ᠢ ᠲᠣᠬᠢᠷᠠᠭᠤᠯᠬᠤ ᠠᠵᠢᠯ ᠤᠨ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ  ﹇2021﹈ 23 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠳᠦᠭᠡ ᠡᠮ ᠤᠨ ᠵᠦᠢᠯ ᠤᠨ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠭᠰᠡᠨ ᠦᠷ᠎ᠡ ᠳ᠋ᠦᠩ ᠢ ᠨᠡᠶᠢᠲᠡᠯᠡᠪᠡ᠃ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ【ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ】—【ᠰᠠᠭᠤᠷᠢ ᠳ᠋ᠠᠶᠢᠲ᠋ᠠ ᠬᠥᠮᠥᠷᠭᠡ】—【ᠦᠨ᠎ᠡ ᠬᠠᠩᠰᠢ ᠶᠢᠨ ᠬᠥᠮᠥᠷᠭᠡ ᠶᠢᠨ ᠬᠠᠮᠢᠶᠠᠷᠤᠯᠲᠠ】— 【ᠦᠢᠯᠡᠳᠭᠦᠨ ᠤ ᠮᠡᠳᠡᠭᠡ ᠵᠠᠩᠭᠢ ᠶᠢᠨ ᠨᠡᠶᠢᠲᠡᠯᠡᠯ】 ᠳᠤ ᠣᠷᠣᠵᠤ᠂ ᠨᠡᠶᠢᠲᠡᠯᠡᠭᠰᠡᠨ ᠦᠷ᠎ᠡ ᠳ᠋ᠦᠩ ᠢ ᠪᠠᠶᠢᠴᠠᠭᠠᠨ ᠦᠵᠡᠭᠡᠷᠡᠢ᠃      ᠡᠮ ᠤᠨ ᠵᠦᠢᠯ ᠤᠨ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠭᠰᠡᠨ ᠦᠷ᠎ᠡ ᠳ᠋ᠦᠩ ᠢ 2022 ᠣᠨ ᠤ 7 ᠳ᠋ᠤᠭᠠᠷ ᠰᠠᠷ᠎ᠠ ᠶᠢᠨ 11 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠤᠳᠠᠯᠳᠤᠨ ᠠᠪᠬᠤ ᠠᠷᠭ᠎ᠠ ᠮᠠᠶ᠋ᠢᠭ ᠨᠢ ᠬᠢᠵᠠᠭᠠᠷᠯᠠᠭᠰᠠᠨ ᠦᠨ᠎ᠡ ᠪᠠᠷ ᠰᠦᠯᠵᠢᠶᠡᠨ ᠳᠤ ᠡᠯᠭᠦᠭᠰᠡᠨ ᠡᠮ ᠤᠨ ᠵᠦᠢᠯ ᠳᠤ ᠬᠠᠷᠢᠶᠠᠯᠠᠭᠳᠠᠪᠠᠯ᠂ ᠡᠮᠴᠢᠯᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ ᠯᠤᠭ᠎ᠠ ᠦᠨ᠎ᠡ ᠬᠠᠩᠰᠢ ᠶᠢ ᠥᠨᠳᠥᠷ ᠪᠠᠶᠢᠯᠭᠠᠬᠤ ᠥᠬᠡᠶ ᠰᠠᠭᠤᠷᠢᠨ ᠳᠡᠭᠡᠷ᠎ᠡ ᠬᠡᠯᠡᠯᠴᠡᠭᠡ ᠬᠢᠭᠰᠡᠨ ᠦᠨ᠎ᠡ ᠪᠠᠷ ᠬᠤᠳᠠᠯᠳᠤᠨ ᠠᠪᠤᠨ᠎ᠠ︔ ᠰᠢᠭᠤᠳ ᠰᠦᠯᠵᠢᠶᠡᠨ ᠳᠤ ᠡᠯᠭᠦᠭᠰᠡᠨ ᠡᠮ ᠤᠨ ᠵᠦᠢᠯ ᠢ ᠪᠣᠯ ᠡᠮᠴᠢᠯᠡᠭᠡᠨ ᠤ ᠪᠠᠶᠢᠭᠤᠯᠤᠮᠵᠢ ᠠᠴᠠ ᠠᠵᠤ ᠠᠬᠤᠶᠢᠯᠠᠯ ᠯᠤᠭ᠎ᠠ ᠬᠡᠯᠡᠯᠴᠡᠭᠡ ᠬᠢᠭᠰᠡᠨ ᠦᠨ᠎ᠡ ᠪᠠᠷ ᠬᠤᠳᠠᠯᠳᠤᠨ ᠠᠪᠬᠤ ᠦᠨ᠎ᠡ ᠬᠠᠩᠰᠢ ᠶᠢ ᠲᠣᠭᠲᠠᠭᠠᠭᠰᠠᠨ ᠤ ᠳᠠᠷᠠᠭ᠎ᠠ ᠠᠷᠠᠯᠵᠢᠶᠠᠯᠠᠨ᠎ᠠ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ          2022 ᠣᠨ ᠤ 7 ᠳ᠋ᠤᠭᠠᠷ ᠰᠠᠷ᠎ᠠ ᠶᠢᠨ 11 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号