ᠨᠢᠭᠡ᠂ ᠠᠬᠤᠶ ᠪᠠᠶᠢᠳᠠᠯ ᠵᠢᠴᠢ ᠦᠨᠳᠦᠰᠦᠯᠡᠯ | ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠳᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠬᠦ ᠲᠣᠳᠣᠷᠬᠠᠶ ᠱᠠᠭᠠᠷᠳᠠᠯᠭ᠎ᠠ ᠶᠢ ᠳᠤᠷᠠᠳᠴᠠᠶ᠃ ᠨᠡᠶᠢᠭᠡᠮ ᠠᠵᠤ ᠠᠬᠤᠶ ᠶᠢᠨ ᠬᠥᠭᠵᠢᠯᠲᠡ᠂ ᠠᠷᠠᠳ | ᠣᠯᠠᠨ ᠤ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠳᠡᠭᠡᠭᠰᠢᠯᠡᠯᠲᠡ ᠶᠢ ᠳᠠᠭᠠᠯᠳᠤᠨ᠂ ᠡᠮᠴᠢᠯᠡᠭᠡᠨ ᠤ | ᠪᠠᠲᠤᠯᠠᠭ᠎ᠠ ᠶᠢᠨ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ | ᠲᠦᠷᠭᠡᠳᠬᠡᠬᠦ ᠶᠢ ᠪᠠᠴᠢᠮ ᠱᠠᠭᠠᠷᠳᠠᠵᠤ᠂ ᠡᠭᠦᠳᠡᠨ ᠡᠮᠨᠡᠯᠭᠡ ᠶᠢᠨ ᠵᠠᠷᠤᠳᠠᠯ ᠢ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠤᠨ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦᠨ ᠤ ᠲᠣᠭᠠᠴᠠᠭ᠎ᠠ ᠬᠢᠬᠦ ᠬᠡᠪᠴᠢᠶᠡᠨ ᠳᠤ | ᠣᠷᠣᠭᠤᠯᠵᠤ᠂ ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠳᠤ | ᠥᠭᠡᠷᠡᠴᠢᠯᠡᠯᠲᠡ ᠬᠢᠵᠦ᠂ ᠲᠦᠷᠢᠮ ᠢ ᠨᠠᠩ ᠲᠥᠪ ᠭᠤᠤᠯᠴᠢ ᠨᠠᠩ ᠦᠷᠭᠦᠯᠵᠢᠯᠡᠬᠦ᠋ᠢᠴᠡ ᠴᠢᠨᠠᠷᠲᠠᠢ ᠪᠣᠯᠭᠠᠬᠤ ᠶᠢ | ᠪᠡᠶᠡᠯᠡᠭᠦᠯᠪᠡ᠃ | ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ | ᠬᠠᠷᠢᠯᠴᠠᠨ ᠳᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯᠲᠠᠨ ᠠᠵᠢᠯᠴᠢᠨ ᠤ | ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ | ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠳᠤ ᠡᠪᠡᠳᠴᠢᠨ ᠦᠵᠡᠭᠦᠯᠬᠦ | ᠳᠠᠷᠤᠭᠠᠰᠤ ᠶᠢ ᠬᠥᠩᠭᠡᠷᠡᠭᠦᠯᠬᠦ ᠶᠢᠨ ᠲᠥᠯᠦᠭᠡ᠂ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾᠂ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ | ᠶᠣᠰᠣᠭᠠᠷ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠬᠤᠯᠪᠣᠭᠠᠯᠠᠨ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠶᠢᠨ ᠬᠡᠷᠡᠭᠵᠢᠭᠦᠯᠬᠦ ᠨᠠᠷᠢᠨ ᠳᠦᠷᠢᠮ﹀ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠳᠣᠷᠣᠭᠰᠢ ︽ᠬᠡᠷᠡᠭᠵᠢᠭᠦᠯᠬᠦ ᠨᠠᠷᠢᠨ ᠳᠦᠷᠢᠮ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠨᠠᠷᠢᠨ ᠳᠦᠷᠢᠮ︾ ᠢ ᠬᠡᠷᠡᠭᠯᠡᠬᠦ ᠳᠤ ᠲᠣᠬᠢᠷᠠᠬᠤ ᠬᠥᠮᠦᠰ ᠤᠨ ᠬᠡᠪᠴᠢᠶ᠎ᠡ᠄ ᠥᠪᠡᠷᠲᠡᠭᠡᠨ | ᠵᠠᠰᠠᠬᠤ ᠣᠷᠣᠨ ᠤ ᠳᠡᠰ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠤ | ᠣᠷᠣᠯᠴᠠᠭᠰᠠᠳ᠃ | ᠬᠤᠪᠢ ᠬᠥᠮᠦᠨ ᠤ ᠳᠠᠩᠰᠠᠨ ᠳᠤ ᠪᠣᠳᠣᠵᠤ ᠣᠷᠣᠭᠤᠯᠬᠤ ᠬᠠᠷᠢᠴᠠᠯ᠄ 2022 ᠣᠨ ᠤ 10 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠨ᠂ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠲᠤᠰᠢᠶᠠᠭᠰᠠᠨ ᠦᠨᠳᠦᠰᠦᠨ | ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠢ ᠪᠦᠬᠦᠨ ᠢ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠳᠤ | ᠪᠣᠳᠣᠵᠤ ᠣᠷᠣᠭᠤᠯᠤᠨ᠎ᠠ᠃ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠬᠤᠪᠢ ᠬᠥᠮᠦᠨ ᠤ ᠲᠠᠩᠰᠠᠨ | ᠡᠷᠦᠬᠡ ᠳᠤ᠂ ᠬᠤᠪᠢ ᠬᠥᠮᠦᠨ ᠳᠠᠭᠠᠳᠬᠠᠯ ᠳᠤ ᠣᠷᠣᠯᠴᠠᠵᠤ ᠳᠤᠰᠢᠶᠠᠭᠰᠠᠨ ᠰᠦᠢᠳᠭᠡᠯ ᠤᠨ ᠦᠨᠳᠦᠰᠦᠨ | ᠲᠣᠭᠠᠨ ᠤ 2 % ᠢ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠵᠠᠷᠤᠳᠠᠯ ᠳᠤ ᠪᠤᠳᠤᠵᠤ ᠣᠷᠣᠭᠤᠯᠤᠨ᠎ᠠ᠃ | ᠠᠵᠢᠯ ᠠᠴᠠ ᠪᠠᠨ ᠠᠮᠠᠷᠠᠭᠰᠠᠳ ᠤᠨ ᠬᠤᠪᠢ ᠬᠥᠮᠦᠨ ᠤ ᠲᠠᠩᠰᠠᠨ ᠡᠷᠦᠬᠡ ᠳᠤ᠂ ᠨᠢᠭᠡᠳᠦᠯᠲᠡᠶ ᠲᠥᠯᠦᠪᠯᠡᠭᠰᠡᠨ | ᠰᠠᠭᠤᠷᠢ ᠮᠥᠩᠭᠦ ᠠᠴᠠ ᠲᠣᠭᠲᠠᠭᠰᠠᠨ ᠨᠣᠷᠮ᠎ᠠ ᠪᠠᠷ ᠬᠤᠪᠢᠶᠠᠷᠢᠯᠠᠨ ᠣᠷᠣᠭᠤᠯᠵᠤ ᠠᠯᠬᠤᠮ ᠠᠯᠬᠤᠮ ᠢᠶᠠᠷ | ᠵᠣᠬᠢᠴᠠᠭᠤᠯᠤᠨ᠎ᠠ᠃ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ 2021 ᠣᠨ ᠤ | ᠪᠥᠬᠦ ᠣᠷᠣᠨ ᠤ ᠳᠤᠮᠳᠠᠴᠢ ᠦᠨᠳᠦᠰᠦᠨ ᠨᠠᠰᠤᠵᠢᠯ ᠤᠨ ᠮᠥᠩᠭᠦ ᠪᠠᠷ ᠰᠠᠭᠤᠷᠢ ᠲᠤᠭ᠎ᠠ ᠪᠣᠯᠭᠠᠵᠤ᠂ 3 % ᠶᠢᠨ | ᠬᠠᠷᠢᠴᠠᠯ ᠢᠶᠠᠷ ᠬᠤᠪᠢ ᠬᠥᠮᠦᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠵᠤ᠂ 2023 ᠣᠨ ᠠᠴᠠ | ᠡᠬᠢᠯᠡᠨ 2 % ᠤᠨ ᠬᠠᠷᠢᠴᠠᠯ ᠢᠶᠠᠷ ᠬᠤᠪᠢ ᠬᠥᠮᠦᠨ ᠤ ᠲᠠᠩᠰᠠᠨ ᠡᠷᠦᠬᠡ ᠳᠤ ᠬᠤᠪᠢᠶᠠᠷᠢᠯᠠᠨ ᠣᠷᠣᠭᠤᠯᠤᠨ᠎ᠠ᠃ | ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠪᠣᠯᠤᠨ ᠬᠤᠪᠢ ᠬᠥᠮᠦᠨ ᠤ ᠳᠠᠩᠰᠠᠨ ᠡᠷᠦᠬᠡ ᠶᠢᠨ ᠪᠦᠲᠦᠴᠡ ᠶᠢ | ᠲᠣᠬᠢᠷᠠᠭᠤᠯᠤᠭᠰᠠᠨ ᠤ ᠳᠠᠷᠠᠭ᠎ᠠ᠂ ᠨᠡᠮᠡᠭᠳᠡᠭᠰᠡᠨ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠶᠢ ᠭᠤᠣᠯᠳᠠᠭᠤ | ᠡᠭᠦᠳᠡᠨ ᠡᠮᠨᠡᠯᠭᠡ ᠶᠢᠨ ᠬᠠᠷᠢᠯᠴᠠᠨ ᠳᠤᠰᠠᠯᠠᠬᠤ ᠪᠠᠲᠤᠯᠠᠭ᠎ᠠ ᠳᠤ ᠬᠡᠷᠡᠭᠯᠡᠵᠦ᠂ ᠳᠠᠭᠠᠳᠬᠠᠯ ᠳᠤ ᠣᠷᠣᠯᠴᠠᠭᠰᠠᠳ ᠤᠨ | ᠡᠭᠦᠳᠡᠨ ᠡᠮᠨᠡᠯᠭᠡ ᠶᠢᠨ ᠬᠠᠷᠠᠭᠠᠯᠵᠠᠯ ᠢ ᠳᠡᠭᠡᠭᠰᠢᠯᠡᠭᠦᠯᠦᠨ᠎ᠡ᠃ | ᠬᠤᠪᠢ ᠬᠥᠮᠦᠨ ᠤ ᠳᠠᠩᠰᠠᠨ ᠡᠷᠦᠬᠡ ᠶᠢ ᠬᠡᠷᠡᠭᠯᠡᠬᠦ ᠬᠡᠪᠴᠢᠶ᠎ᠡ᠄ ᠬᠤᠪᠢ ᠬᠥᠮᠦᠨ ᠤ ᠳᠠᠩᠰᠠᠨ ᠡᠷᠦᠬᠡ ᠶᠢ | ᠭᠤᠣᠯᠳᠠᠭᠤ ᠳᠠᠭᠠᠳᠬᠠᠯ ᠳᠤ ᠣᠷᠣᠯᠴᠠᠭᠰᠠᠳ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠤᠶᠤ | ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠡᠭᠦᠰᠦᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ | ᠥᠪᠡᠰᠦᠪᠡᠨ ᠲᠤᠰᠢᠶᠠᠭᠰᠠᠨ ᠵᠠᠷᠤᠳᠠᠯ ᠢ ᠥᠭᠬᠦ ᠳᠤ ᠬᠡᠷᠡᠭᠯᠡᠨ᠎ᠡ᠃ ᠳᠠᠭᠠᠳᠬᠠᠯ ᠳᠤ ᠣᠷᠣᠯᠴᠠᠭᠴᠢ ᠬᠤᠪᠢ ᠬᠥᠮᠦᠨ | ᠵᠢᠴᠢ ᠬᠤᠯᠪᠣᠰᠤ᠂ ᠡᠴᠢᠭᠡ ᠡᠬᠡ᠂ ᠦᠷ᠎ᠡ ᠬᠡᠦᠬᠡᠳ ᠤᠨ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ | ᠡᠪᠡᠳᠴᠢᠨ ᠦᠵᠡᠭᠦᠯᠦᠭᠰᠡᠨ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠵᠢᠴᠢ ᠴᠡᠭ ᠳᠣᠭᠲᠠᠭᠠᠭᠰᠠᠨ | ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠤᠭᠰᠠᠨ ᠬᠤᠪᠢ ᠬᠥᠮᠦᠨ ᠤ ᠡᠭᠦᠷᠭᠡᠯᠡᠵᠦ | ᠳᠡᠶᠢᠯᠭᠦᠶᠢᠴᠡ ᠵᠠᠷᠤᠳᠠᠯ ᠢ ᠲᠥᠯᠥᠬᠦ ᠳᠤ ᠬᠡᠷᠡᠭᠯᠡᠵᠦ ᠪᠣᠯᠤᠨ᠎ᠠ᠃ ᠪᠠᠰᠠ ᠬᠤᠯᠪᠣᠰᠤ᠂ ᠡᠴᠢᠭᠡ ᠡᠬᠡ᠂ ᠦᠷ᠎ᠡ | ᠬᠡᠦᠬᠡᠳ ᠤᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ᠂ ᠠᠵᠢᠯᠲᠠᠨ ᠠᠵᠢᠯᠴᠢᠨ ᠤ | ᠶᠡᠭᠡ ᠲᠣᠭᠠᠨ ᠤ ᠡᠮ ᠡᠮᠨᠡᠯᠭᠡ ᠶᠢᠨ ᠵᠠᠷᠤᠳᠠᠯ ᠤᠨ ᠨᠥᠬᠦᠪᠥᠷᠢ᠂ ᠣᠷᠳᠣ ᠬᠤᠭᠤᠴᠠᠭᠠᠨ ᠤ ᠰᠤᠪᠢᠯᠠᠯᠲᠠ ᠶᠢᠨ | ᠳᠠᠭᠠᠳᠬᠠᠯ ᠵᠡᠷᠭᠡ ᠬᠤᠪᠢ ᠬᠥᠮᠦᠨ ᠤ ᠲᠤᠰᠢᠶᠠᠬᠤ ᠰᠦᠢᠳᠭᠡᠯ ᠳᠤ ᠬᠡᠷᠡᠭᠯᠡᠵᠦ ᠪᠣᠯᠤᠨ᠎ᠠ᠃ ᠬᠤᠪᠢ ᠬᠥᠮᠦᠨ ᠤ | ᠳᠠᠩᠰᠠᠨ ᠡᠷᠦᠬᠡ ᠶᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠷᠤᠳᠠᠯ᠂ ᠪᠡᠶ᠎ᠡ ᠶᠢᠨ ᠲᠠᠮᠢᠷ ᠪᠡᠶ᠎ᠡ | ᠴᠢᠭᠢᠷᠠᠭᠵᠢᠭᠤᠯᠤᠯᠲᠠ ᠪᠤᠶᠤ ᠰᠤᠪᠢᠯᠠᠯᠲᠠ ᠡᠷᠡᠭᠦᠯᠵᠢᠯ ᠤᠨ ᠬᠡᠷᠡᠭᠯᠡᠭᠡ ᠵᠡᠷᠭᠡ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠦᠭᠡᠶ ᠵᠠᠷᠤᠯᠭ᠎ᠠ ᠳᠤ ᠬᠡᠷᠡᠭᠯᠡᠵᠦ ᠪᠣᠯᠬᠤ ᠦᠭᠡᠶ᠃ | | ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠦᠪᠯᠡᠭᠰᠡᠨ ᠬᠠᠷᠠᠭᠠᠯᠵᠠᠯ ᠤᠨ ᠪᠠᠲᠤᠯᠠᠭ᠎ᠠ᠄ | ᠳᠠᠭᠠᠳᠬᠠᠯ ᠳᠤ ᠣᠷᠣᠯᠴᠠᠭᠰᠠᠳ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ | ᠦᠵᠡᠭᠦᠯᠬᠦ ᠳᠤ᠂ ᠡᠮᠴᠢᠯᠡᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠭᠰᠡᠨ | ᠡᠮᠴᠢᠯᠡᠭᠡᠨ ᠤ ᠵᠠᠷᠤᠳᠠᠯ ᠢ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠦᠪᠯᠡᠭᠰᠡᠨ ᠪᠠᠲᠤᠯᠠᠭ᠎ᠠ ᠶᠢᠨ | ᠬᠡᠪᠴᠢᠶᠡᠨ ᠳᠤ ᠣᠷᠣᠭᠤᠯᠤᠨ᠎ᠠ᠃ ᠳᠠᠭᠠᠳᠬᠠᠯ ᠳᠤ ᠣᠷᠣᠯᠴᠠᠭᠰᠠᠳ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ | ᠲᠥᠯᠦᠪᠯᠡᠭᠰᠡᠨ ᠬᠠᠷᠠᠭᠠᠯᠵᠠᠯ ᠢ ᠬᠦᠷᠲᠡᠬᠦ ᠳᠤ᠂ ᠡᠷᠬᠡᠪᠰᠢ ᠡᠮᠴᠢᠯᠡᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ | ᠪᠠᠷᠢᠮᠲᠠ ᠪᠣᠯᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠬᠦᠴᠦᠨ ᠪᠦᠬᠦᠢ ᠭᠡᠷᠡᠴᠢ ᠪᠠᠷᠢᠮᠲᠠ ᠶᠢ ᠬᠡᠷᠡᠭᠯᠡᠨ | ᠳ᠋ᠦᠩᠨᠡᠨ ᠪᠣᠳᠤᠭᠤᠯᠵᠤ᠂ ᠨᠢᠭᠡ ᠵᠢᠯ ᠤᠨ ᠳᠣᠲᠣᠷ᠎ᠠ ᠬᠤᠪᠢ ᠬᠥᠮᠦᠨ ᠤ ᠳᠠᠩᠰᠠᠨ ᠡᠷᠦᠬᠡ ᠶᠢᠨ ᠪᠡᠯᠡ ᠮᠥᠩᠭᠦ | ᠪᠣᠯᠤᠨ ᠪᠡᠯᠡᠨ ᠵᠣᠭᠤᠰ ᠥᠭᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ 1000 ᠲᠥᠭᠦᠷᠢᠭ ᠠᠴᠠ ᠳᠡᠭᠡᠭᠰᠢᠬᠢ | ᠡᠮ ᠡᠮᠨᠡᠯᠭᠡ ᠶᠢᠨ ᠵᠠᠷᠤᠳᠠᠯ ᠢ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠠᠴᠠ ᠬᠠᠷᠢᠴᠠᠯ ᠶᠣᠰᠣᠭᠠᠷ ᠭᠠᠷᠭᠠᠨ | ᠥᠭᠴᠦ᠂ ᠭᠤᠷᠪᠠᠨ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠥᠭᠬᠦ ᠬᠠᠷᠢᠴᠠᠯ ᠨᠢ 60 % ᠪᠠᠶᠢᠵᠤ᠂ | ᠬᠤᠶᠠᠳᠤᠭᠠᠷ ᠳᠡᠰ ᠠᠴᠠ ᠳᠣᠷᠣᠭᠰᠢᠬᠢ ᠡᠮ ᠡᠮᠨᠡᠯᠭᠡ ᠶᠢᠨ ᠪᠠᠶᠢᠭᠤᠯᠤᠮᠵᠢ ᠶᠢᠨ ᠥᠭᠬᠦ ᠬᠠᠷᠢᠴᠠᠯ ᠨᠢ 80 % | ᠪᠠᠶᠢᠵᠤ᠂ ᠠᠵᠢᠯ ᠠᠴᠠ ᠪᠠᠨ ᠠᠮᠠᠷᠠᠭᠰᠠᠳ ᠲᠤ 5 ᠵᠠᠭᠤᠨ ᠤ ᠨᠢᠭᠡᠴᠢ ᠪᠠᠷ ᠨᠡᠮᠡᠭᠳᠡᠭᠦᠯᠪᠡ᠃ ᠵᠢᠯ ᠤᠨ ᠬᠠᠮᠤᠭ ᠤᠨ | ᠥᠨᠳᠥᠷ ᠥᠭᠬᠦ ᠬᠢᠵᠠᠭᠠᠷ ᠲᠤᠭ᠎ᠠ ᠨᠢ᠂ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ 5000 | ᠲᠥᠭᠦᠷᠢᠭ᠂ ᠠᠵᠢᠯ ᠠᠴᠠ ᠪᠠᠨ ᠠᠮᠠᠷᠠᠭᠰᠠᠳ 6000 ᠲᠥᠭᠦᠷᠢᠭ ᠪᠣᠯᠤᠨ᠎ᠠ᠃ ᠬᠤᠪᠢ ᠬᠥᠮᠦᠨ ᠤ ᠲᠠᠩᠰᠠᠨ | ᠡᠷᠦᠬᠡ ᠶᠢᠨ ᠬᠡᠷ ᠪᠦᠯᠢ ᠶᠢᠨ ᠪᠦᠷᠢᠯᠳᠦᠬᠦᠨ ᠤ ᠬᠠᠷᠢᠯᠴᠠᠨ ᠳᠤᠰᠠᠯᠠᠨ ᠬᠡᠷᠡᠭᠯᠡᠬᠦ ᠬᠡᠰᠡᠭ ᠢ ᠡᠩ ᠤᠨ ᠡᠭᠦᠳᠡᠨ | ᠡᠮᠨᠡᠯᠭᠡ ᠶᠢᠨ ᠨᠢᠭᠡᠳᠦᠯᠲᠡᠶ ᠲᠥᠯᠦᠪᠯᠡᠭᠰᠡᠨ ᠡᠬᠢᠯᠡᠵᠦ ᠪᠤᠳᠤᠬᠤ ᠪᠠᠷᠢᠮᠵᠢᠶ᠎ᠠ ᠳᠤ ᠪᠤᠳᠤᠵᠤ ᠣᠷᠣᠭᠤᠯᠬᠤ ᠥᠬᠡᠶ᠃ | ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠦᠪᠯᠡᠭᠰᠡᠨ ᠥᠭᠬᠦ ᠲᠤᠭ᠎ᠠ ᠬᠡᠮᠵᠢᠶ᠎ᠡ ᠶᠢ ᠵᠢᠯ ᠤᠨ ᠨᠢᠭᠡᠳᠦᠯᠲᠡᠶ | ᠲᠥᠯᠦᠪᠯᠡᠭᠰᠡᠨ ᠰᠠᠭᠤᠷᠢ ᠮᠥᠩᠭᠦ ᠶᠢᠨ ᠬᠠᠮᠤᠭ ᠤᠨ ᠥᠨᠳᠥᠷ ᠥᠭᠬᠦ ᠲᠣᠭᠠᠨ ᠳᠤ ᠣᠷᠣᠭᠤᠯᠤᠨ᠎ᠠ᠃ | | | | | | |