ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/8/30
          ᠡᠮᠴᠢᠯᠡᠭᠡᠨ ᠤ ᠪᠠᠲᠤᠯᠠᠭ᠎ᠠ ᠠᠯᠪᠠᠨ ᠲᠠᠷᠬᠠᠭᠠᠭᠰᠠᠨ ﹇2022﹈ 16 ᠳ᠋ᠤᠭᠠᠷ ᠲᠣᠭᠠᠲᠤ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄    ᠣᠶᠢᠷ᠎ᠠ ᠶᠢᠨ ᠵᠢᠯ ᠤᠳ ᠠᠴᠠ ᠨᠠᠭᠠᠰᠢ᠂ ᠡᠯ᠎ᠡ ᠭᠠᠵᠠᠷ ᠤᠨ ᠬᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠦᠲᠦᠴᠡ ᠶᠢ ᠨᠠᠩ ᠰᠢᠯᠢᠳᠡᠭᠵᠢᠭᠦᠯᠵᠦ᠂ ᠠᠳᠠᠯᠢᠳᠬᠠᠯ ᠦᠨ᠎ᠡ ᠶᠢᠨ ᠬᠠᠷᠢᠴᠠᠭ᠎ᠠ ᠶᠢ ᠲᠠᠰᠤᠷᠠᠯᠲᠠ ᠥᠬᠡᠶ ᠰᠠᠶᠢᠵᠢᠷᠠᠭᠤᠯᠵᠤ᠂ ᠬᠠᠮᠢᠶ᠎ᠠ ᠪᠥᠬᠦᠶ ᠥᠭᠡᠷᠡᠴᠢᠯᠡᠯᠲᠡ ᠲᠠᠢ ᠬᠠᠮᠵᠢᠯᠴᠠᠨ ᠬᠥᠭᠵᠢᠬᠦ ᠶᠢ ᠢᠯᠡᠳᠲᠡ ᠴᠢᠩᠭᠠᠳᠬᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃ ᠡᠭᠦᠨ ᠤ ᠬᠠᠮᠲᠤ ᠠᠵᠢᠯ ᠤᠨ ᠶᠠᠪᠤᠴᠠ ᠳᠤ ᠬᠤᠷᠸ᠎ᠠ ᠬᠠᠮᠢᠶᠠᠷᠤᠯᠲᠠ ᠬᠠᠷᠢᠴᠠᠩᠭᠤᠶ ᠪᠠᠭᠤᠷᠠᠶ᠂ ᠦᠨ᠎ᠡ ᠬᠠᠩᠰᠢ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠦᠭᠡᠶ᠂ ᠲᠥᠰᠦᠯ ᠤᠨ ᠬᠠᠮᠢᠶᠠᠷᠤᠯᠲᠠ ᠶᠢᠨ ᠬᠥᠲᠥᠯᠥᠨ ᠵᠢᠯᠣᠭᠤᠳᠬᠤ ᠦᠢᠯᠡᠳᠦᠯ ᠲᠣᠪᠤᠶᠢᠮ᠎ᠠ ᠪᠣᠰᠤ ᠵᠡᠷᠭᠡ ᠠᠰᠠᠭᠤᠳᠠᠯ ᠣᠷᠣᠰᠢᠵᠤ ᠪᠤᠶ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠳᠤ ᠥᠭᠡᠷᠡᠴᠢᠯᠡᠯᠲᠡ ᠬᠢᠬᠦ‌‍ᠲ᠋ᠤᠷᠰᠢᠯᠲᠠ ᠶᠢᠨ ᠴᠡᠭ ᠢ ᠭᠦᠨᠵᠡᠭᠡᠶᠢᠷᠡᠭᠦᠯᠬᠦ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠣᠳᠣᠬᠢ ᠱᠠᠲᠤᠨ ᠤ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠰᠠᠶᠢᠲᠤᠷ ᠬᠢᠵᠦ᠂ ᠦᠨᠳᠦᠰᠦᠨ ᠡᠮᠴᠢᠯᠡᠭᠡᠨ ᠤ ᠦᠢᠯᠡᠴᠢᠯᠡᠭᠡ ᠶᠢᠨ ᠨᠡᠶᠢᠲᠡ ᠶᠢᠨ ᠠᠰᠠᠷᠠᠮᠵᠢ ᠳᠤ ᠬᠠᠷᠢᠶᠠᠯᠠᠭᠳᠠᠬᠤ ᠴᠢᠨᠠᠷ ᠢ ᠴᠢᠩᠭᠠᠷᠠᠭᠤᠯᠤᠨ᠂ ᠡᠮᠴᠢᠯᠡᠭᠡᠨ ᠤ ᠦᠢᠯᠡᠴᠢᠯᠡᠭᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠣᠯᠠᠨ ᠲᠦᠮᠡᠨ ᠳᠤ ᠴᠢᠨᠠᠷ ᠰᠠᠶᠢᠲᠠᠶ᠂ ᠦᠷ᠎ᠡ ᠪᠦᠲᠦᠮᠵᠢᠲᠡᠶ᠂ ᠡᠭᠦᠷᠭᠡᠯᠡᠵᠦ ᠳᠡᠶᠢᠯᠬᠦᠶᠢᠴᠡ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠦᠷᠲᠡᠭᠡᠬᠦ ᠶᠢ ᠪᠠᠲᠤᠯᠠᠵᠠᠢ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠮᠡᠳᠡᠭᠳᠡᠪᠡ᠄     ᠨᠢᠭᠡ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠤᠷᠸ᠎ᠠ ᠬᠠᠮᠢᠶᠠᠷᠤᠯᠲᠠ ᠪᠠ ᠬᠥᠳᠡᠯᠦᠩᠭᠦᠶ ᠲᠣᠬᠢᠷᠠᠭᠤᠯᠤᠯᠲᠠ ᠶᠢ ᠴᠢᠩᠭᠠᠷᠠᠭᠤᠯᠤᠨ᠎ᠠ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠠᠮᠢᠶᠠᠷᠤᠯᠲᠠ ᠪᠣᠯ ᠠᠵᠤ ᠠᠬᠤᠶ ᠪᠠ ᠠᠷᠠᠳ ᠤᠨ ᠠᠮᠢᠳᠤᠷᠠᠯ ᠤᠨ ᠵᠦᠢᠯ ᠴᠢᠬᠤᠯᠠ ᠪᠣᠯᠤᠨ᠎ᠠ᠃ ᠬᠠᠮᠢᠶᠠᠷᠬᠤ ᠶᠠᠪᠤᠴᠠ ᠳᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷ ᠤᠨ ᠦᠨᠳᠦᠰᠦᠨ ᠣᠨᠣᠯᠵᠢᠬᠤᠨ ᠢ ᠡᠷᠡᠰ ᠲᠤᠭᠤᠰᠢᠯᠠᠭᠤᠯᠵᠤ᠂ ᠪᠣᠳᠠᠲᠠᠶ ᠲᠥᠰᠦᠯ᠂ ᠦᠨ᠎ᠡ ᠬᠠᠩᠰᠢ ᠪᠠ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠨᠡᠶᠢᠲᠡ ᠶᠢᠨ ᠠᠰᠠᠷᠠᠮᠵᠢ ᠶᠢᠨ ᠴᠢᠨᠠᠷ ᠢ ᠦᠨᠡᠨ ᠬᠦ ᠢᠯᠡᠷᠡᠭᠦᠯᠦᠨ᠎ᠡ᠃ ᠲᠣᠭᠲᠠᠭᠤᠨ ᠢᠶᠠᠷ ᠤᠷᠤᠭᠰᠢᠯᠠᠬᠤ᠂ ᠯᠠᠪᠳᠠᠭᠤᠨ ᠪᠥᠭᠡᠳ ᠡᠮᠬᠢ ᠵᠢᠷᠤᠮ ᠲᠠᠢ ᠠᠵᠢᠯᠯᠠᠬᠤ ᠦᠨᠳᠦᠰᠦᠨ ᠬᠥᠭ ᠠᠶᠠᠰ ᠢ ᠪᠠᠷᠢᠮᠲᠠᠯᠠᠨ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠦᠨᠡᠨ ᠪᠣᠳᠠᠲᠠᠶ ᠪᠠᠷ ᠠᠵᠢᠯᠯᠠᠭᠤᠯᠵᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠳᠣᠭᠢᠷᠠᠭᠤᠯᠬᠤ ᠴᠠᠭ᠂ ᠡᠷᠴᠢᠮ᠂ ᠬᠡᠪᠴᠢᠶ᠎ᠡ ᠶᠢ ᠠᠵᠤ ᠠᠬᠤᠶ ᠨᠡᠶᠢᠭᠡᠮ ᠤᠨ ᠶᠡᠷᠦᠩᠬᠡᠶ ᠪᠠᠶᠢᠳᠠᠯ᠂ ᠲᠥᠷᠥ ᠶᠢᠨ ᠪᠣᠳᠣᠯᠭ᠎ᠠ ᠶᠢᠨ ᠬᠠᠨᠳᠤᠰᠢ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠵᠡᠷᠭᠡ ᠦᠨᠳᠦᠰᠦᠨ ᠪᠠᠶᠢᠳᠠᠯ ᠳᠤ ᠵᠣᠬᠢᠴᠠᠭᠤᠯᠬᠤ ᠬᠡᠷᠡᠭᠲᠡᠢ᠃ ᠮᠤᠵᠢ ᠶᠢᠨ ᠳᠡᠰ ᠠᠴᠠ ᠪᠠᠶᠢᠳᠠᠯ ᠢ ᠲᠣᠬᠢᠷᠠᠭᠤᠯᠬᠤ ᠲᠣᠭᠲᠠᠴᠠ ᠶᠢᠨ ᠪᠣᠳᠠᠲᠠᠶ ᠳᠦᠷᠢᠮ ᠢ ᠨᠢᠭᠡᠳᠭᠡᠵᠦ᠂ ᠡᠬᠢᠯᠡᠭᠦᠯᠬᠦ ᠨᠥᠬᠦᠴᠡᠯ ᠪᠣᠯᠤᠨ ᠬᠢᠵᠠᠭᠠᠷᠯᠠᠬᠤ ᠨᠥᠬᠦᠴᠡᠯ ᠢ ᠲᠣᠳᠣᠷᠬᠠᠶᠢᠯᠠᠵᠤ᠂ ᠦᠨ᠎ᠡ ᠬᠠᠩᠰᠢ ᠶᠢ ᠲᠣᠬᠢᠷᠠᠭᠤᠯᠬᠤ ᠳᠡᠰ ᠳᠠᠷᠠᠭᠠᠯᠠᠯ᠂ ᠳᠦᠷᠢᠮ ᠲᠣᠭᠲᠠᠭᠠᠯ᠂ ᠭᠦᠢᠴᠡᠳᠭᠡᠯ ᠲᠤᠭ᠎ᠠ ᠶᠢᠨ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠪᠢ ᠬᠤᠪᠢ ᠪᠠᠷ ᠢᠶᠠᠨ ᠪᠤᠳᠤᠭᠰᠠᠨ ᠢᠶᠠᠷ ᠢᠶᠠᠨ ᠬᠢᠬᠦ ᠠᠴᠠ ᠵᠠᠶᠢᠯᠠᠰᠬᠢᠬᠤ ᠬᠡᠷᠡᠭᠲᠡᠢ᠃ ᠳᠣᠭᠲᠠᠭᠠᠭᠰᠠᠨ ᠲᠣᠬᠢᠷᠠᠭᠤᠯᠬᠤ ᠦᠶᠡᠯᠡᠯ ᠤᠨ ᠬᠤᠭᠤᠴᠠᠭ᠎ᠠ ᠪᠠ ᠬᠥᠨᠳᠡᠬᠦ ᠲᠣᠭᠲᠠᠴᠠ ᠶᠢᠨ ᠶᠣᠰᠣᠭᠠᠷ ᠦᠨᠡᠯᠡᠨ ᠵᠢᠱᠢᠬᠦ ᠶᠢ ᠰᠠᠶᠢᠲᠤᠷ ᠪᠡᠶᠡᠯᠡᠭᠦᠯᠵᠦ᠂ ᠨᠥᠬᠦᠴᠡᠯ ᠳᠤ ᠨᠡᠶᠢᠴᠡᠭᠰᠡᠨ ᠪᠣᠯ ᠶᠡᠷᠦᠩᠬᠡᠶ ᠬᠡᠮᠵᠢᠶ᠎ᠡ ᠶᠢᠨ ᠬᠡᠪᠴᠢᠶᠡᠨ ᠳᠤ ᠥᠰᠥᠯᠲᠡ ᠪᠠᠭᠤᠷᠠᠯᠲᠠ ᠲᠠᠢ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠴᠠᠭ ᠲᠤᠬᠠᠶ ᠳᠤ ᠨᠢ ᠲᠣᠬᠢᠷᠠᠭᠤᠯᠵᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠪᠠᠭᠠᠵᠢ ᠶᠢ ᠢᠳᠡᠪᠬᠢᠲᠡᠶ ᠪᠥᠭᠡᠳ ᠠᠮᠢᠳᠤᠯᠢᠭ ᠢᠶᠠᠷ ᠬᠡᠷᠡᠭᠯᠡᠨ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠳᠡᠮᠵᠢᠵᠦ᠂ ᠣᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠶᠡᠷᠦᠩᠬᠡᠶ ᠳᠠᠷᠤᠭᠠᠰᠤ ᠶᠢ ᠨᠡᠮᠡᠭᠳᠡᠭᠦᠯᠬᠦ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃     ᠬᠤᠶᠠᠷ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠠᠭᠤᠯᠭ᠎ᠠ᠂ ᠠᠷᠭ᠎ᠠ ᠮᠠᠶ᠋ᠢᠭ ᠪᠣᠯᠤᠨ ᠪᠠᠭᠠᠵᠢ ᠶᠢ ᠰᠠᠨᠠᠭᠠᠴᠢᠯᠠᠭ᠎ᠠ ᠠᠴᠠ ᠪᠠᠨ ᠵᠢᠷᠤᠮᠵᠢᠭᠤᠯᠤᠨ ᠲᠡᠭᠦᠯᠳᠡᠷᠵᠢᠭᠦᠯᠵᠦ᠂ ᠡᠳᠦᠷ ᠲᠤᠲᠤᠮ ᠤᠨ ᠬᠠᠮᠢᠶᠠᠷᠤᠯᠲᠠ ᠶᠢᠨ ᠪᠣᠳᠠᠲᠠᠶ ᠠᠷᠭ᠎ᠠ ᠬᠡᠮᠵᠢᠶ᠎ᠡ ᠪᠠᠷ ᠳᠠᠮᠵᠢᠭᠤᠯᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠡᠯ᠎ᠡ ᠲᠠᠯ᠎ᠠ ᠳᠤ ᠳᠠᠮᠵᠢᠭᠤᠯᠤᠨ ᠬᠦᠷᠭᠡᠬᠦ ᠬᠡᠷᠡᠭᠲᠡᠶ᠃ ᠦᠨ᠎ᠡ ᠬᠠᠩᠰᠢ ᠶᠢᠨ ᠲᠥᠰᠦᠯ ᠢ ᠪᠣᠳᠠᠲᠠᠶ ᠬᠡᠷᠡᠭᠵᠢᠭᠦᠯᠬᠦ ᠳᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠠᠭᠤᠯᠤᠭᠳᠠᠬᠤᠨ ᠤ ᠬᠢᠵᠠᠭᠠᠷ᠂ ᠲᠣᠬᠢᠷᠠᠬᠤ ᠬᠡᠪᠴᠢᠶ᠎ᠡ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ ᠲᠠᠶᠢᠯᠪᠤᠷᠢᠯᠠᠵᠤ᠂ ᠡᠮᠴᠢᠯᠡᠭᠡᠨ ᠤ ᠠᠩᠬᠠᠷᠴᠤ ᠪᠦᠬᠦᠢ ᠵᠦᠢᠯ ᠳᠤ ᠴᠠᠭ ᠲᠤᠬᠠᠶ ᠳᠤ ᠨᠢ ᠬᠠᠷᠢᠭᠤᠯᠲᠠ ᠥᠭᠬᠦ ᠬᠡᠷᠡᠭᠲᠡᠶ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠴᠢᠬᠤᠯᠠ ᠵᠦᠢᠯᠡᠰ ᠢ ᠮᠡᠳᠡᠭᠦᠯᠬᠦ ᠲᠦᠷᠢᠮ ᠢ ᠨᠠᠶᠢᠳᠠᠪᠤᠷᠢᠵᠢᠭᠤᠯᠵᠤ᠂ ᠮᠡᠳᠡᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠂ ᠳᠡᠭᠡᠳᠦ ᠳᠤᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠬᠥᠨᠳᠡᠯᠡᠨ ᠢᠶᠠᠷ ᠬᠠᠮᠵᠢᠯᠴᠠᠬᠤ ᠶᠢ ᠦᠨᠡᠨ ᠬᠦ ᠪᠠᠲᠤᠯᠠᠨ᠎ᠠ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠢᠯᠡᠳᠬᠡᠭᠴᠢ ︵MSPI︶ ᠶᠢ ᠰᠠᠶᠢᠲᠤᠷ ᠨᠠᠶᠢᠷᠠᠭᠤᠯᠤᠨ ᠵᠣᠬᠢᠶᠠᠵᠤ ᠰᠠᠶᠢᠲᠤᠷ ᠬᠡᠷᠡᠭᠯᠡᠨ᠂ ᠢᠯᠡᠳᠬᠡᠭᠴᠢ ᠶᠢ ᠲᠤᠰ ᠭᠠᠵᠠᠷ ᠣᠷᠣᠨ ᠤ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠣᠬᠢᠷᠠᠭᠤᠯᠤᠯᠲᠠ ᠪᠠ ᠬᠠᠮᠢᠶᠠᠷᠤᠯᠲᠠ ᠶᠢᠨ ᠭᠦᠢᠴᠡᠳᠭᠡᠯ ᠲᠤᠭ᠎ᠠ ᠶᠢᠨ ᠳᠣᠭᠲᠠᠯᠴᠠᠭᠠᠨ ᠳᠤ ᠠᠯᠬᠤᠮ ᠠᠯᠬᠤᠮ ᠢᠶᠠᠷ ᠣᠷᠣᠭᠤᠯᠵᠤ᠂ ᠢᠯᠡᠳᠬᠡᠭᠴᠢ ᠶᠢᠨ ᠲᠤᠰᠬᠠᠭᠰᠠᠨ ᠬᠤᠪᠢᠷᠠᠯᠲᠠ ᠶᠢᠨ ᠬᠠᠨᠳᠤᠰᠢ ᠵᠡᠷᠭᠡ ᠶᠢ ᠦᠨᠳᠦᠰᠦᠯᠡᠨ᠂ ᠢᠳᠡᠪᠬᠢᠲᠡᠶ᠂ ᠯᠠᠪᠳᠠᠭᠤᠨ ᠪᠠ ᠪᠣᠯᠭᠤᠮᠵᠢᠲᠠᠶ ᠪᠠᠷ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠶᠡᠷᠦᠩᠬᠡᠶ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠪᠠ ᠪᠠᠶᠢᠳᠠᠯ ᠢ ᠲᠣᠬᠢᠷᠠᠭᠤᠯᠬᠤ ᠠᠷᠭ᠎ᠠ ᠬᠡᠮᠵᠢᠶ᠎ᠡ ᠶᠢ ᠵᠣᠬᠢᠴᠠᠭᠤᠯᠤᠨ ᠬᠡᠷᠡᠭᠯᠡᠬᠦ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠬᠡᠷᠡᠭᠵᠢᠭᠦᠯᠦᠭᠰᠡᠨ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠶᠢ ᠵᠢᠷᠤᠮᠵᠢᠭᠤᠨ ᠬᠡᠷᠡᠭᠵᠢᠭᠦᠯᠬᠦ ᠥᠬᠡᠶ ᠵᠡᠷᠭᠡ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠵᠢᠯᠣᠭᠤᠳᠤᠨ ᠵᠠᠯᠠᠷᠠᠭᠤᠯᠵᠤ᠂ ᠴᠢᠬᠤᠯᠠᠲᠠᠶ ᠦᠶ᠎ᠡ ᠳᠤ ᠵᠠᠬᠢᠳᠠᠯ ᠢᠶᠠᠷ ᠠᠰᠠᠭᠤᠵᠤ ᠪᠣᠯᠵᠣᠨ ᠶᠠᠷᠢᠯᠴᠠᠬᠤ᠂ ᠥᠪᠡᠷ ᠤᠨ ᠥᠷᠲᠡᠭ ᠢ ᠪᠠᠶᠢᠴᠠᠭᠠᠬᠤ᠂ ᠮᠡᠳᠡᠭᠡ ᠵᠠᠩᠭᠢ ᠶᠢ ᠨᠡᠶᠢᠲᠡᠯᠡᠬᠦ ᠵᠡᠷᠭᠡ ᠠᠷᠭ᠎ᠠ ᠬᠡᠮᠵᠢᠶ᠎ᠡ ᠠᠪᠤᠨ᠎ᠠ᠃     ᠭᠤᠷᠪᠠ᠂ ᠮᠡᠷᠭᠡᠵᠢᠯ ᠤᠨ ᠬᠥᠳᠡᠯᠮᠦᠷᠢ ᠦᠢᠯᠡᠴᠢᠯᠡᠭᠡᠨ ᠤ ᠥᠷᠲᠡᠭ ᠢ ᠳᠡᠮᠵᠢᠬᠦ ᠡᠷᠴᠢᠮ ᠢ ᠲᠣᠪᠣᠶᠢᠯᠭᠠᠨ ᠢᠯᠡᠷᠡᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠤ ᠲᠤᠰᠬᠠᠶ ᠮᠡᠷᠭᠡᠵᠢᠯ ᠤᠨ ᠴᠢᠨᠠᠷᠲᠠᠶ ᠰᠠᠨᠠᠯ ᠪᠠ ᠰᠠᠨᠠᠭᠤᠯᠭ᠎ᠠ ᠶᠢ ᠭᠦᠢᠴᠡᠳ ᠰᠣᠨᠣᠰᠴᠤ᠂ ᠤᠷᠢᠳ ᠢᠶᠠᠷ ᠡᠮᠴᠢᠯᠡᠭᠡᠨ ᠤ ᠲᠦᠷᠦᠯ᠂ ᠮᠡᠰᠡ ᠵᠠᠰᠠᠯ ᠤᠨ ᠲᠥᠷᠥᠯ ᠪᠠ ᠬᠢᠲᠠᠳ ᠡᠮᠨᠡᠯᠭᠡ ᠶᠢᠨ ᠲᠥᠷᠥᠯ ︵ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠡᠮᠴᠢᠯᠡᠭᠡᠨ ᠤ ᠦᠢᠯᠡᠴᠢᠯᠡᠭᠡ ᠶᠢᠨ ᠲᠥᠰᠦᠯ ᠢ ᠲᠥᠷᠥᠯ ᠬᠤᠪᠢᠶᠠᠬᠤ ᠪᠠ ᠣᠷᠣᠯᠠᠬᠤ ᠨᠣᠮᠧᠷ︾  ᠤᠨ 001201-001206᠂ 003201-003206᠂ 003301- 003316᠂ 004100-004300 ᠳ᠋ᠤᠭᠠᠷ ᠲᠥᠰᠦᠯ ᠢ ᠵᠢᠭᠠᠵᠤ ᠪᠣᠢ︶ ᠤᠨ ᠰᠣᠩᠭᠤᠭᠳᠠᠭᠰᠠᠨ ᠦᠨ᠎ᠡ ᠬᠠᠩᠰᠢ ᠶᠢ ᠤᠷᠳᠤ ᠬᠤᠭᠤᠴᠠᠭ᠎ᠠ ᠪᠠᠷ ᠲᠤᠬᠢᠷᠠᠭᠤᠯᠤᠭᠰᠠᠨ ᠦᠭᠡᠢ᠂ ᠮᠡᠷᠭᠡᠵᠢᠯ ᠤᠨ ᠬᠥᠳᠡᠯᠮᠦᠷᠢ ᠦᠢᠯᠡᠴᠢᠯᠡᠭᠡᠨ ᠤ ᠥᠷᠲᠡᠭ ᠢᠶᠠᠷ ᠭᠤᠤᠯ ᠪᠣᠯᠭᠠᠭᠰᠠᠨ ︵ᠦᠨ᠎ᠡ ᠬᠠᠩᠰᠢ ᠶᠢᠨ ᠪᠦᠷᠢᠯᠳᠦᠯ ᠳᠠᠬᠢ ᠮᠡᠷᠭᠡᠵᠢᠯ ᠤᠨ ᠬᠥᠳᠡᠯᠮᠦᠷᠢ ᠦᠢᠯᠡᠴᠢᠯᠡᠭᠡᠨ ᠤ ᠬᠡᠰᠡᠭ ᠤᠨ ᠡᠵᠡᠯᠡᠬᠦ ᠬᠠᠷᠢᠴᠠᠯ ᠨᠢ 60 % ᠠᠴᠠ ᠳᠡᠭᠡᠭᠰᠢ ᠶᠢ ᠡᠵᠡᠯᠡᠨ᠎ᠡ︶ ᠦᠨ᠎ᠡ ᠬᠠᠩᠰᠢ ᠶᠢᠨ ᠲᠥᠰᠦᠯ ᠢ ᠦᠨ᠎ᠡ ᠬᠠᠩᠰᠢ  ᠶᠢ ᠳᠣᠭᠢᠷᠠᠭᠤᠯᠬᠤ ᠬᠡᠪᠴᠢᠶᠡᠨ ᠳᠤ ᠣᠷᠣᠭᠤᠯᠵᠤ᠂ ᠤᠳᠠᠭ᠎ᠠ ᠪᠦᠷᠢ ᠶᠢᠨ ᠦᠨ᠎ᠡ ᠬᠠᠩᠰᠢ ᠶᠢ ᠲᠣᠬᠢᠷᠠᠭᠤᠯᠬᠤ ᠲᠥᠰᠦᠯ ᠳᠤ ᠮᠡᠷᠭᠡᠵᠢᠯ ᠤᠨ ᠬᠥᠳᠡᠯᠮᠦᠷᠢ ᠦᠢᠯᠡᠴᠢᠯᠡᠭᠡᠨ ᠤ ᠥᠷᠲᠡᠭ ᠢᠶᠠᠷ ᠭᠤᠤᠯ ᠪᠣᠯᠭᠠᠭᠰᠠᠨ ᠲᠥᠰᠦᠯ ᠤᠨ ᠲᠤᠭ᠎ᠠ ᠪᠣᠯᠤᠨ ᠵᠣᠭᠤᠰ ᠤᠨ ᠲᠤᠭ᠎ᠠ ᠨᠢ ᠵᠠᠷᠴᠢᠮ ᠳᠡᠭᠡᠷ᠎ᠡ ᠪᠠᠨ ᠶᠡᠷᠦᠩᠬᠡᠶ ᠬᠡᠮᠵᠢᠶ᠎ᠡ ᠶᠢᠨ 60 % ᠠᠴᠠ ᠳᠡᠭᠡᠭᠰᠢᠬᠢ ᠶᠢ ᠡᠵᠡᠯᠡᠨ᠂ ᠮᠡᠷᠭᠡᠵᠢᠯ ᠤᠨ ᠬᠥᠳᠡᠯᠮᠦᠷᠢ ᠦᠢᠯᠡᠴᠢᠯᠡᠭᠡᠨ ᠤ ᠥᠷᠲᠡᠭ ᠢ ᠪᠤᠰᠤᠳᠴᠢ ᠪᠠᠷ ᠲᠤᠰᠬᠠᠵᠤ᠂ ᠲᠥᠬᠦᠭᠡᠷᠦᠮᠵᠢ ᠶᠢᠨ ᠪᠣᠳᠠᠰ ᠤᠨ ᠬᠤᠷᠣᠭᠳᠠᠯ ᠤᠨ ᠬᠡᠶᠢᠰᠪᠦᠷᠢ ᠥᠨᠳᠥᠷ ᠦᠨ᠎ᠡ ᠳᠤ ᠬᠦᠯᠢᠶᠡᠰᠦᠯᠡᠭᠳᠡᠬᠦ ᠶᠢ ᠰᠡᠷᠭᠡᠶᠢᠯᠡᠨ᠎ᠡ᠃ ᠮᠡᠷᠭᠡᠵᠢᠯ ᠤᠨ ᠬᠦᠴᠢᠷᠳᠡᠯ ᠶᠡᠭᠡ᠂ ᠲᠦᠭᠰᠢᠭᠦᠷᠢ ᠶᠢᠨ ᠬᠡᠮᠵᠢᠶ᠎ᠡ ᠥᠨᠳᠥᠷ᠂ ᠦᠨᠡᠨ ᠬᠦ ᠥᠷᠨᠢᠭᠦᠯᠬᠦ ᠴᠢᠬᠤᠯᠠᠲᠠᠶ ᠡᠮᠴᠢᠯᠡᠭᠡᠨ ᠤ ᠦᠢᠯᠡᠴᠢᠯᠡᠭᠡ ᠶᠢᠨ ᠲᠥᠰᠦᠯ ᠳᠤ ᠦᠨ᠎ᠡ ᠬᠠᠩᠰᠢ ᠶᠢᠨ ᠵᠥᠷᠢᠶ᠎ᠡ ᠶᠢ ᠵᠣᠬᠢᠰᠲᠠᠶ ᠢᠯᠡᠷᠡᠭᠦᠯᠵᠦ ᠪᠣᠯᠤᠨ᠎ᠠ᠃ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠦᠨ᠎ᠡ ᠬᠠᠩᠰᠢ ᠶᠢ ᠲᠤᠰᠬᠠᠶ ᠲᠣᠬᠢᠷᠠᠭᠤᠯᠤᠭᠰᠠᠨ ᠲᠤᠷᠰᠢᠯᠭ᠎ᠠ ᠶᠢ ᠳ᠋ᠦᠩᠨᠡᠵᠦ᠂ ᠮᠡᠷᠭᠡᠵᠢᠯ ᠤᠨ ᠬᠥᠳᠡᠯᠮᠦᠷᠢ ᠦᠢᠯᠡᠴᠢᠯᠡᠭᠡ ᠪᠣᠯᠤᠨ ᠪᠣᠳᠠᠰ ᠤᠨ ᠬᠤᠷᠣᠭᠳᠠᠯ ᠢ ᠰᠠᠯᠭᠠᠬᠤ ᠵᠠᠷᠴᠢᠮ ᠶᠣᠰᠣᠭᠠᠷ ᠪᠠᠶᠢᠴᠠᠭᠠᠨ ᠰᠢᠯᠭᠠᠬᠤ ᠲᠥᠰᠦᠯ ᠤᠨ ᠦᠨ᠎ᠡ ᠬᠠᠩᠰᠢ ᠶᠢ ᠪᠦᠷᠢᠯᠳᠦᠭᠦᠯᠬᠦ ᠬᠦᠴᠦᠨ ᠵᠦᠢᠯ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠲᠥᠪᠯᠡᠷᠡᠭᠦᠯᠦᠨ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠳᠠᠰ ᠤᠨ ᠬᠤᠷᠣᠭᠳᠠᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠲᠥᠰᠦᠯ ᠤᠨ ᠶᠡᠷᠦᠩᠬᠡᠶ ᠦᠨ᠎ᠡ ᠶᠢ ᠵᠦᠶ ᠵᠣᠬᠢᠰᠲᠠᠶ ᠪᠠᠭᠤᠷᠠᠭᠤᠯᠬᠤ ᠶᠢ ᠠᠬᠢᠭᠤᠯᠵᠤ᠂ ᠣᠯᠠᠨ ᠲᠦᠮᠡᠨ ᠳᠤ ᠥᠭᠡᠷᠡᠴᠢᠯᠡᠯᠲᠡ ᠶᠢᠨ ᠠᠰᠢᠭ ᠣᠯᠵᠠᠪᠤᠷᠢ ᠶᠢ ᠦᠨᠡᠨ ᠬᠦ ᠳᠠᠮᠵᠢᠭᠤᠯᠤᠨ᠎ᠠ᠃ ᠨᠡᠶᠢᠭᠡᠮ ᠠᠴᠠ ᠬᠠᠨᠳᠢᠪᠯᠠᠭᠰᠠᠨ ᠪᠠ ᠵᠠᠰᠠᠭ ᠤᠨ ᠣᠷᠳᠣᠨ ᠤ ᠴᠢᠨᠠᠷᠲᠠᠶ ᠪᠠᠯᠠ ᠮᠥᠩᠭᠦ ᠶᠢ ᠬᠡᠷᠡᠭᠯᠡᠨ ᠬᠤᠳᠠᠯᠳᠤᠨ ᠠᠪᠤᠭᠰᠠᠨ ᠲᠣᠮᠣ ᠬᠡᠯᠪᠡᠷᠢ ᠶᠢᠨ ᠪᠠᠶᠢᠴᠠᠭᠠᠵᠤ ᠡᠮᠨᠡᠨ ᠵᠠᠰᠠᠬᠤ ᠲᠥᠬᠦᠭᠡᠷᠦᠮᠵᠢ ᠳᠤ ᠲᠥᠰᠦᠯ ᠤᠨ ᠦᠨ᠎ᠡ ᠬᠠᠩᠰᠢ ᠶᠢ ᠲᠣᠭᠲᠠᠭᠠᠭᠰᠠᠨ ᠥᠪᠡᠷ ᠤᠨ ᠥᠷᠲᠡᠭ ᠢ ᠲᠥᠰᠦᠭᠡᠯᠡᠨ ᠪᠤᠳᠤᠬᠤ ᠦᠶᠡᠰ ᠨᠡᠶᠢᠲᠡ ᠶᠢᠨ ᠠᠰᠠᠷᠠᠮᠵᠢ ᠶᠢᠨ ᠴᠢᠨᠠᠷ ᠤᠨ ᠵᠠᠷᠴᠢᠮ ᠶᠣᠰᠣᠭᠠᠷ ᠲᠥᠬᠦᠭᠡᠷᠦᠮᠵᠢ ᠶᠢᠨ ᠡᠯᠡᠭᠳᠡᠯ ᠢ ᠪᠤᠳᠤᠬᠤ᠂ ᠪᠠᠯᠠ ᠣᠷᠣᠭᠤᠯᠤᠯᠲᠠ ᠶᠢᠨ ᠬᠠᠷᠢᠭᠤ᠂ ᠡᠬᠡ ᠮᠥᠩᠭᠦ ᠶᠢ ᠪᠤᠴᠠᠭᠠᠵᠤ ᠬᠦᠦ ᠮᠥᠩᠭᠦ ᠶᠢ ᠥᠭᠬᠦ ᠵᠡᠷᠭᠡ ᠵᠠᠷᠤᠳᠠᠯ ᠢ ᠰᠠᠭᠤᠯᠭᠠᠨ ᠠᠪᠴᠤ᠂ ᠲᠣᠮᠣ ᠬᠡᠯᠪᠡᠷᠢ ᠶᠢᠨ ᠲᠥᠬᠦᠭᠡᠷᠦᠮᠵᠢ ᠶᠢᠨ ᠪᠠᠶᠢᠴᠠᠭᠠᠵᠤ ᠡᠮᠨᠡᠨ ᠵᠠᠰᠠᠬᠤ ᠲᠥᠰᠦᠯ ᠢ ᠰᠠᠨᠠᠭᠠᠴᠢᠯᠠᠭ᠎ᠠ ᠠᠴᠠ ᠪᠠᠨ ᠬᠥᠳᠡᠯᠦᠩᠭᠦᠶ ᠲᠣᠬᠢᠷᠠᠭᠤᠯᠬᠤ ᠬᠦᠷᠢᠶ᠎ᠡ ᠬᠡᠪᠴᠢᠶ᠎ᠡ ᠳᠤ ᠣᠷᠣᠭᠤᠯᠤᠨ᠂ ᠬᠡᠲᠦ ᠥᠨᠳᠥᠷ ᠦᠨ᠎ᠡ ᠬᠠᠩᠰᠢ ᠶᠢ ᠦᠷᠭᠦᠯᠵᠢᠯᠡᠨ ᠪᠠᠭᠤᠷᠠᠭᠤᠯᠤᠨ᠎ᠠ᠃     ᠳᠥᠷᠪᠡ᠂ ᠰᠢᠨ᠎ᠡ ᠪᠠᠷ ᠨᠡᠮᠡᠭᠳᠡᠭᠰᠡᠨ ᠦᠨ᠎ᠡ ᠬᠠᠩᠰᠢ ᠶᠢᠨ ᠲᠥᠰᠦᠯ ᠨᠢ ᠡᠮᠴᠢᠯᠡᠭᠡᠨ ᠤ ᠥᠷᠲᠡᠭ ᠲᠤ ᠰᠠᠭᠤᠷᠢᠯᠠᠭᠰᠠᠨ ᠡᠮᠴᠢᠯᠡᠭᠡᠨ ᠤ ᠮᠡᠷᠭᠡᠵᠢᠯ ᠤᠨ ᠰᠢᠨ᠎ᠡ ᠡᠭᠦᠳᠦᠯᠲᠡ ᠶᠢ ᠬᠦᠴᠦᠯᠡᠨ ᠳᠡᠮᠵᠢᠨ᠎ᠡ᠃ ᠰᠢᠨ᠎ᠡ ᠪᠠᠷ ᠨᠡᠮᠡᠭᠳᠡᠭᠰᠡᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠢ ᠭᠥᠯᠢᠶᠡᠨ ᠠᠪᠴᠤ ᠬᠢᠨᠠᠨ ᠬᠠᠷᠭᠤᠭᠤᠯᠬᠤ ᠠᠬᠢᠴᠠ ᠶᠢ ᠲᠦᠷᠭᠡᠳᠬᠡᠵᠦ᠂ ᠰᠢᠨ᠎ᠡ ᠶᠢ ᠡᠭᠦᠳᠬᠦ ᠶᠠᠰᠤ ᠴᠢᠨᠠᠷ ᠤᠨ ᠪᠣᠭᠤᠮᠲᠠ ᠶᠢ ᠦᠨᠡᠨ ᠬᠦ ᠴᠢᠩᠭᠠᠳᠬᠠᠵᠤ᠂ ᠲᠤᠭ ᠲᠡᠮᠳᠡᠭ ᠲᠣᠳᠣᠷᠬᠠᠶ ᠪᠠᠷ ᠡᠮᠴᠢᠯᠡᠭᠡᠨ ᠤ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ ᠬᠡᠷᠡᠭᠲᠡᠶ᠃ ᠬᠦᠨᠳᠦ ᠶᠡᠭᠡ ᠡᠪᠡᠳᠴᠢᠨ ᠡᠮᠭᠡᠭ ᠢ ᠣᠨᠣᠰᠢᠯᠠᠨ ᠡᠮᠨᠡᠬᠦ ᠲᠥᠰᠦᠯ ᠢ ᠰᠢᠯᠢᠳᠡᠭᠵᠢᠭᠦᠯᠬᠦ ᠪᠤᠶᠤ ᠣᠨᠣᠰᠢᠯᠠᠨ ᠡᠮᠨᠡᠬᠦ ᠬᠤᠭᠤᠰᠣᠨ ᠢ ᠨᠥᠬᠦᠪᠥᠷᠢᠯᠡᠬᠦ ᠴᠢᠬᠤᠯᠠ ᠶᠡᠭᠡ ᠰᠢᠨ᠎ᠡ ᠶᠢ ᠡᠭᠦᠳᠬᠦ ᠲᠥᠰᠦᠯ ᠳᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠵᠦ ᠥᠭᠭᠦᠨ᠎ᠡ᠃ ᠰᠢᠨ᠎ᠡ ᠲᠥᠬᠦᠭᠡᠷᠦᠮᠵᠢ ᠰᠢᠨ᠎ᠡ ᠬᠤᠷᠣᠭᠳᠠᠯ ᠮᠠᠲ᠋ᠧᠷᠢᠶᠠᠯ ᠤᠨ ᠥᠪᠡᠷ ᠤᠨ ᠥᠷᠲᠡᠭ ᠢᠶᠠᠷ ᠭᠤᠤᠯ ᠪᠣᠯᠭᠠᠭᠰᠠᠨ᠂ ᠵᠢᠱᠢᠭᠰᠡᠨ ᠦᠨ᠎ᠡ ᠬᠠᠩᠰᠢ ᠨᠢ ᠨᠡᠯᠢᠶᠡᠳ ᠥᠨᠳᠥᠷ ᠦᠨ᠎ᠡ ᠬᠠᠩᠰᠢ ᠶᠢᠨ ᠲᠥᠰᠦᠯ ᠳᠤ ᠰᠢᠨ᠎ᠡ ᠶᠢ ᠡᠭᠦᠳᠬᠦ ᠴᠢᠨᠠᠷᠲᠠᠶ᠂ ᠠᠵᠤ ᠠᠬᠤᠶ ᠶᠢᠨ ᠴᠢᠨᠠᠷᠲᠠᠶ ᠦᠨᠡᠯᠡᠯᠲᠡ ᠶᠢ ᠰᠠᠶᠢᠲᠤᠷ ᠬᠢᠨ᠎ᠡ᠃ ᠬᠥᠷᠥᠩᠭᠡ ᠶᠢᠨ ᠡᠯᠧᠮᠧᠨ᠋ᠲ ᠢᠶᠠᠷ ᠬᠥᠳᠡᠯᠭᠡᠭᠦᠷ ᠪᠣᠯᠭᠠᠬᠤ᠂ ᠵᠥᠪᠬᠡᠨ ᠪᠡᠯᠡ ᠣᠷᠣᠭᠤᠯᠤᠯᠲᠠ ᠶᠢᠨ ᠬᠠᠷᠢᠭᠤ ᠵᠢᠴᠢ ᠣᠷᠣᠨ ᠨᠤᠲᠤᠭ ᠤᠨ ᠬᠠᠮᠠᠭᠠᠯᠠᠯᠲᠠ ᠶᠢᠨ ᠣᠨᠴᠠᠯᠢᠭ ᠢ ᠬᠥᠭᠡᠭᠡᠴᠡᠯᠳᠦᠬᠦ ᠲᠥᠰᠦᠯ ᠲᠣᠭᠲᠠᠭᠠᠬᠤ ᠬᠦᠰᠡᠯ ᠱᠠᠭᠠᠷᠳᠠᠯᠭ᠎ᠠ ᠳᠤ ᠪᠣᠯᠭᠤᠮᠵᠢᠲᠠᠶ ᠬᠠᠨᠳᠤᠵᠤ᠂ ᠣᠨᠴᠠᠭᠠᠢ ᠲᠣᠭᠲᠠᠭᠠᠭᠰᠠᠨ ᠲᠥᠬᠦᠭᠡᠷᠦᠮᠵᠢ᠂ ᠬᠤᠷᠣᠭᠳᠠᠯ ᠮᠠᠲ᠋ᠧᠷᠢᠶᠠᠯ᠂ ᠡᠭᠦᠳᠦᠭᠴᠢ᠂ ᠮᠡᠷᠭᠡᠵᠢᠯ ᠤᠨ ᠤᠷᠤᠰᠬᠠᠯ ᠪᠦᠯᠦᠭ ᠵᠡᠷᠭᠡ ᠬᠦᠴᠦᠨ ᠵᠦᠢᠯ ᠪᠥᠬᠦᠢ ᠭᠠᠳᠠᠭᠤᠷᠴᠢᠯᠠᠬᠤ ᠴᠢᠨᠠᠷᠲᠠᠶ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠢ ᠪᠠᠶᠢᠭᠤᠯᠬᠤ ᠠᠴᠠ ᠵᠠᠶᠢᠯᠠᠰᠬᠢᠬᠤ ᠬᠡᠷᠡᠭᠲᠡᠶ᠃ ᠣᠷᠣᠨ ᠪᠦᠰᠡ ᠶᠢᠨ ᠡᠮᠴᠢᠯᠡᠭᠡᠨ ᠤ ᠲᠥᠪ ᠠᠴᠠ ᠡᠮᠨᠡᠯᠭᠡ ᠶᠢᠨ ᠬᠤᠷᠢᠶ᠎ᠠ ᠶᠢᠨ ᠭᠤᠤᠯᠳᠠᠯᠭ᠎ᠠ ᠲᠠᠢ ᠪᠠᠷ ᠣᠷᠣᠭᠤᠯᠤᠨ ᠠᠪᠴᠢᠷᠠᠭᠰᠠᠨ ᠡᠮᠴᠢᠯᠡᠭᠡᠨ ᠤ ᠦᠢᠯᠡᠴᠢᠯᠡᠭᠡ ᠶᠢ ᠭᠠᠳᠠᠭᠰᠢ ᠭᠠᠷᠭᠠᠬᠤ ᠶᠢ ᠵᠠᠷᠴᠢᠮ ᠳᠡᠭᠡᠷ᠎ᠡ ᠪᠠᠨ ᠲᠣᠰ ᠭᠠᠵᠠᠷ ᠤᠨ ᠣᠲᠣ ᠶᠢᠨ ᠪᠠᠶᠢᠭ᠎ᠠ ᠦᠨ᠎ᠡ ᠬᠠᠩᠰᠢ ᠶᠢᠨ ᠲᠥᠰᠦᠯ ᠲᠠᠢ ᠵᠣᠯᠭᠠᠭᠤᠯᠵᠤ᠂ ᠲᠣᠰ ᠭᠠᠵᠠᠷ ᠲᠤ ᠵᠣᠬᠢᠬᠤ ᠦᠨ᠎ᠡ ᠬᠠᠩᠰᠢ ᠶᠢᠨ ᠲᠥᠰᠦᠯ ᠥᠬᠡᠶ ᠪᠣᠯ ᠦᠨ᠎ᠡ ᠬᠠᠩᠰᠢ ᠶᠢᠨ ᠲᠥᠰᠦᠯ ᠢ ᠭᠤᠶᠤᠴᠢᠯᠠᠨ ᠮᠡᠳᠡᠭᠦᠯᠬᠦ ᠴᠤᠪᠤᠷᠠᠯ ᠢ ᠳᠥᠭᠦᠮᠴᠢᠯᠡᠨ᠎ᠡ᠃     ᠲᠠᠪᠤ᠂ ᠣᠲᠣ ᠶᠢᠨ ᠪᠠᠶᠢᠭ᠎ᠠ ᠦᠨ᠎ᠡ ᠬᠠᠩᠰᠢ ᠶᠢᠨ ᠲᠥᠰᠦᠯ ᠤᠨ ᠡᠮᠴᠢᠯᠡᠭᠡᠨ ᠤ ᠮᠡᠷᠭᠡᠵᠢᠯ ᠤᠨ ᠪᠠᠭᠲᠠᠭᠠᠮᠵᠢᠲᠤ ᠴᠢᠨᠠᠷ ᠢ ᠳᠡᠭᠡᠭᠰᠢᠯᠡᠭᠦᠯᠦᠨ᠎ᠡ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠡᠷᠡᠭᠯᠡᠬᠦ ᠶᠢ ᠵᠥᠪᠰᠢᠶᠡᠷᠡᠬᠦ ᠶᠢᠨ ᠬᠠᠮᠲᠤ ᠵᠢᠷᠤᠮᠵᠢᠭᠰᠠᠨ ᠮᠡᠷᠭᠡᠵᠢᠯ ᠪᠦᠬᠦᠢ ᠡᠮᠴᠢᠯᠡᠭᠡᠨ ᠤ ᠦᠢᠯᠡᠴᠢᠯᠡᠭᠡ ᠶᠢ ᠬᠦᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠳᠣᠭᠲᠠᠭᠠᠬᠤ ᠰᠢᠨ᠎ᠡ ᠪᠠᠷ ᠨᠡᠮᠡᠭᠳᠡᠭᠰᠡᠨ ᠦᠨ᠎ᠡ ᠬᠠᠩᠰᠢ ᠶᠢᠨ ᠲᠥᠰᠦᠯ ᠤᠨ ᠪᠣᠳᠠᠲᠠᠶ ᠬᠡᠪᠴᠢᠶ᠎ᠡ ᠪᠣᠯᠭᠠᠬᠤ ᠬᠡᠷᠡᠭᠲᠡᠶ᠃ ᠦᠢᠯᠡᠴᠢᠯᠡᠭᠡ ᠪᠠᠷ ᠦᠢᠯᠡᠳᠪᠦᠷᠢᠯᠡᠬᠦ ᠤᠳᠤᠷᠢᠳᠤᠮᠵᠢ ᠪᠣᠯᠭᠠᠬᠤ ᠵᠠᠷᠴᠢᠮ ᠢ ᠪᠠᠷᠢᠮᠲᠠᠯᠠᠵᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠪᠠᠭᠤᠯᠭᠠᠭᠰᠠᠨ ᠦᠨ᠎ᠡ ᠬᠠᠩᠰᠢ ᠶᠢᠨ ᠲᠥᠰᠦᠯ ᠤᠨ ᠰᠡᠳᠦᠪ ᠲᠣᠭᠲᠠᠭᠠᠬᠤ ᠵᠦᠭᠯᠡᠭᠦᠷ ᠲᠠᠢ ᠢᠳᠡᠪᠬᠢᠲᠡᠶ ᠵᠣᠯᠭᠠᠭᠤᠯᠵᠤ᠂ ᠲᠠᠰ ᠳᠠᠷᠠᠭᠠᠯᠠᠯ ᠶᠣᠰᠣᠭᠠᠷ ᠨᠥᠬᠦᠴᠡᠯ ᠳᠤ ᠨᠡᠶᠢᠴᠡᠭᠰᠡᠨ ᠵᠢᠷᠤᠮᠵᠢᠭᠰᠠᠨ ᠮᠡᠷᠭᠡᠵᠢᠯ ᠪᠦᠬᠦᠢ ᠵᠦᠢᠯᠡᠰ ᠢ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠪᠣᠯᠭᠠᠨ ᠬᠤᠪᠢᠷᠠᠭᠤᠯᠤᠨ᠎ᠠ᠃ ᠡᠭᠦᠨ ᠳᠤ᠂ ᠮᠡᠷᠭᠡᠵᠢᠯ ᠤᠨ ᠵᠢᠷᠤᠮᠵᠢᠯ ᠪᠠᠷ ᠵᠢᠭᠰᠠᠭᠠᠭᠰᠠᠨ ᠡᠮᠴᠢᠯᠡᠭᠡᠨ ᠤ ᠦᠢᠯᠡᠴᠢᠯᠡᠭᠡ ᠶᠢᠨ ᠣᠲᠣ ᠶᠢᠨ ᠪᠠᠶᠢᠭ᠎ᠠ ᠦᠨ᠎ᠡ ᠬᠠᠩᠰᠢ ᠶᠢᠨ ᠲᠥᠰᠦᠯ ᠳᠤ ᠪᠠᠭᠲᠠᠭᠠᠵᠤ ᠪᠣᠯᠬᠤᠶᠢᠴᠠ ᠣᠲᠣ ᠶᠢᠨ ᠪᠠᠶᠢᠭ᠎ᠠ ᠦᠨ᠎ᠡ ᠬᠠᠩᠰᠢ ᠶᠢ ᠬᠡᠷᠡᠭᠵᠢᠭᠦᠯᠦᠨ᠎ᠡ᠃ ᠠᠳᠠᠯᠢ ᠨᠢᠭᠡᠨ ᠡᠮᠴᠢᠯᠡᠭᠡᠨ ᠤ ᠦᠢᠯᠡᠴᠢᠯᠡᠭᠡ ᠶᠢᠨ ᠠᠳᠠᠯᠢ ᠪᠤᠰᠤ ᠠᠵᠢᠯᠯᠠᠭᠠᠨ ᠤ ᠠᠯᠬᠤᠮ ᠳᠠᠷᠠᠭ᠎ᠠ᠂ ᠮᠡᠷᠭᠡᠵᠢᠯ ᠤᠨ ᠨᠠᠷᠢᠨ ᠵᠦᠢᠯᠡᠰ᠂ ᠠᠵᠢᠯ ᠤᠨ ᠪᠠᠶᠢᠷᠢ ᠠᠵᠢᠯ ᠤᠨ ᠬᠤᠪᠢᠶᠠᠷᠢᠯᠠᠯ ᠳᠤ ᠬᠠᠷᠢᠶᠠᠯᠠᠭᠳᠠᠪᠠᠯ᠂ ᠦᠨ᠎ᠡ ᠬᠠᠩᠰᠢ ᠶᠢᠨ ᠲᠥᠰᠦᠯ ᠪᠣᠯᠭᠠᠨ ᠬᠤᠪᠢᠷᠠᠭᠤᠯᠬᠤ ᠦᠶᠡᠰ ᠵᠠᠷᠴᠢᠮ ᠳᠡᠭᠡᠷ᠎ᠡ ᠪᠠᠨ ᠨᠡᠶᠢᠯᠡᠭᠦᠯᠦᠨ ᠰᠢᠢᠳᠪᠦᠷᠢᠯᠡᠵᠦ᠂ ᠬᠡᠲᠦᠷᠬᠡᠶ ᠰᠠᠯᠭᠠᠬᠤ ᠠᠴᠠ ᠵᠠᠶᠢᠯᠠᠰᠬᠢᠬᠤ ᠬᠡᠷᠡᠭᠲᠡᠶ᠃ ᠠᠳᠠᠯᠢ ᠨᠢᠭᠡᠨ ᠡᠮᠴᠢᠯᠡᠭᠡᠨ ᠤ ᠦᠢᠯᠡᠴᠢᠯᠡᠭᠡ ᠳᠤ ᠬᠠᠷᠢᠶᠠᠯᠠᠭᠳᠠᠬᠤ ᠶᠢ ᠰᠢᠨ᠎ᠡ ᠠᠷᠭ᠎ᠠ ᠮᠠᠶ᠋ᠢᠭ ᠢᠶᠠᠷ ᠪᠤᠶᠤ ᠰᠢᠨ᠎ᠡ ᠣᠷᠴᠢᠨ ᠲᠣᠭᠤᠷᠢᠨ ᠳᠤ ᠬᠡᠷᠡᠭᠯᠡᠵᠦ᠂ ᠡᠬᠢ ᠪᠠᠶᠠᠯᠢᠭ ᠤᠨ ᠬᠤᠷᠣᠭᠳᠠᠯ ᠤᠨ ᠵᠥᠷᠢᠶ᠎ᠡ ᠨᠡᠯᠢᠶᠡᠳ ᠶᠡᠭᠡ ᠪᠣᠯ ᠣᠲᠣ ᠶᠢᠨ ᠪᠠᠶᠢᠭ᠎ᠠ ᠦᠨ᠎ᠡ ᠬᠠᠩᠰᠢ ᠶᠢᠨ ᠲᠥᠰᠦᠯ ᠤᠨ ᠨᠡᠮᠡᠵᠦ ᠬᠤᠷᠢᠶᠠᠬᠤ ᠪᠤᠶᠤ ᠬᠠᠰᠤᠵᠤ ᠬᠤᠷᠢᠶᠠᠬᠤ ᠵᠦᠢᠯ ᠪᠣᠯᠭᠠᠨ᠎ᠠ︔ ᠡᠬᠢ ᠪᠠᠶᠠᠯᠢᠭ ᠤᠨ ᠬᠤᠷᠤᠭᠳᠠᠯ ᠤᠨ ᠵᠥᠷᠢᠶ᠎ᠡ ᠨᠢ ᠣᠶᠢᠷᠠᠯᠴᠠᠭ᠎ᠠ ᠪᠣᠯ ᠣᠳᠣ ᠶᠢᠨ ᠪᠠᠶᠢᠭ᠎ᠠ ᠦᠨ᠎ᠡ ᠬᠠᠩᠰᠢ ᠶᠢᠨ ᠲᠥᠰᠦᠯ ᠤᠨ ᠥᠷᠭᠡᠳᠬᠡᠭᠰᠡᠨ ᠵᠦᠢᠯ ᠪᠣᠯᠭᠠᠵᠤ᠂ ᠣᠳᠣ ᠶᠢᠨ ᠪᠠᠶᠢᠭ᠎ᠠ ᠦᠨ᠎ᠡ ᠬᠠᠩᠰᠢ ᠶᠢᠨ ᠲᠥᠰᠦᠯ  ᠤᠨ ᠶᠣᠰᠣᠭᠠᠷ ᠵᠠᠷᠤᠳᠠᠯ ᠬᠤᠷᠢᠶᠠᠬᠤ ᠬᠡᠷᠡᠭᠲᠡᠶ᠃ ᠡᠮᠨᠡᠯᠭᠡ ᠶᠢᠨ ᠬᠤᠷᠢᠶ᠎ᠠ ᠶᠢᠨ ᠭᠦᠢᠴᠡᠳᠬᠡᠪᠡᠰᠦ ᠵᠣᠬᠢᠬᠤ ᠡᠭᠦᠷᠭᠡ ᠪᠤᠶᠤ ᠳᠣᠲᠣᠭᠠᠳᠤ ᠶᠢᠨ ᠬᠠᠮᠢᠶᠠᠷᠤᠯᠲᠠ ᠶᠢᠨ ᠵᠦᠢᠯᠡᠰ ᠲᠤ ᠬᠠᠷᠢᠶᠠᠯᠠᠭᠳᠠᠵᠤ᠂ ᠲᠥᠰᠦᠯ ᠤᠨ ᠥᠪᠡᠷ ᠤᠨ ᠥᠷᠲᠡᠭ ᠤᠨ ᠪᠦᠲᠦᠴᠡ ᠪᠠ ᠦᠨ᠎ᠡ ᠬᠠᠩᠰᠢ ᠶᠢᠨ ᠬᠢᠷᠢ ᠲᠦᠪᠰᠢᠨ ᠢᠶᠠᠷ ᠢᠯᠡᠷᠡᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠥᠰᠦᠯ ᠢ ᠲᠤᠰᠠᠭᠠᠷ ᠪᠠᠶᠢᠭᠤᠯᠬᠤ ᠦᠭᠡᠶ᠃     ᠵᠢᠷᠭᠤᠭ᠎ᠠ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠪᠠ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠶᠢᠨ ᠬᠠᠷᠢᠴᠠᠭ᠎ᠠ ᠶᠢ ᠵᠥᠪ ᠰᠢᠢᠳᠪᠦᠷᠢᠯᠡᠨ᠎ᠡ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠪᠠ ᠡᠮ ᠤᠨ ᠵᠦᠢᠯ ᠪᠣᠯᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢᠨ ᠲᠣᠰ ᠲᠣᠰ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠨᠥᠯᠦᠭᠡᠯᠡᠬᠦ ᠲᠣᠭᠲᠠᠴᠠ ᠶᠢ ᠡᠮ ᠤᠨ ᠵᠦᠢᠯ ᠪᠠ ᠡᠮᠴᠢᠯᠡᠭᠡᠨ ᠳᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠯᠤᠭ᠎ᠠ ᠰᠢᠭᠤᠳ ᠬᠤᠯᠪᠣᠭᠳᠠᠭᠤᠯᠬᠤ ᠥᠬᠡᠶ᠂ ᠲᠣᠬᠢᠷᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ ᠰᠢᠭᠤᠳ ᠵᠡᠷᠭᠡᠴᠡᠭᠡ ᠪᠠᠷ ᠰᠢᠯᠵᠢᠭᠦᠯᠦᠨ ᠰᠣᠯᠢᠬᠤ ᠥᠬᠡᠶ᠃ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠡᠮᠴᠢᠯᠡᠭᠡᠨ ᠤ ᠦᠢᠯᠡᠴᠢᠯᠡᠭᠡ ᠶᠢᠨ ᠭᠦᠨᠵᠡᠭᠡᠶ ᠬᠤᠯᠪᠣᠭ᠎ᠠ ᠪᠥᠬᠦᠢ ᠲᠥᠰᠦᠯ ᠳᠤ ᠲᠥᠪᠯᠡᠷᠡᠭᠦᠯᠦᠨ ᠬᠤᠳᠠᠯᠳᠤᠨ ᠠᠪᠬᠤ ᠳᠤ ᠡᠭᠦᠰᠦᠭᠰᠡᠨ ᠪᠣᠳᠠᠲᠠᠶ ᠨᠥᠯᠥᠭᠡ ᠶᠢ ᠣᠨᠣᠪᠴᠢᠲᠠᠶ ᠵᠠᠳᠠᠯᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠠᠮᠵᠢᠯᠴᠠᠬᠤ ᠬᠡᠷᠡᠭᠲᠡᠶ᠃ ᠡᠭᠦᠨ ᠳᠤ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠨᠢ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠠᠴᠠ ᠭᠠᠳᠠᠨ᠎ᠠ ᠲᠤᠰᠠᠭᠠᠷ ᠵᠠᠷᠤᠳᠠᠯ ᠬᠤᠷᠢᠶᠠᠭᠰᠠᠨ ᠪᠣᠯ ᠬᠡᠶᠢᠰᠪᠦᠷᠢ ᠥᠨᠳᠥᠷ ᠦᠨ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠪᠠᠷ ᠳᠡᠮᠵᠢᠨ ᠬᠠᠭᠤᠷᠮᠠᠭ ᠵᠦᠢᠯ ᠢ ᠰᠢᠬᠠᠨ ᠭᠠᠷᠭᠠᠭᠰᠠᠨ ᠤ ᠳᠠᠷᠠᠭ᠎ᠠ ᠬᠠᠮᠢᠶ᠎ᠠ ᠪᠥᠬᠦᠶ ᠲᠣᠭᠲᠠᠭᠠᠭᠰᠠᠨ ᠦᠨ᠎ᠡ ᠨᠢ ᠳᠤᠤᠷ᠎ᠠ ᠪᠠᠶᠢᠬᠤ ᠲᠥᠰᠦᠯ ᠢ ᠤᠷᠢᠳ ᠢᠶᠠᠷ ᠦᠨ᠎ᠡ ᠬᠠᠩᠰᠢ ᠶᠢᠨ ᠬᠥᠳᠡᠯᠦᠩᠭᠦᠶ ᠲᠣᠬᠢᠷᠠᠭᠤᠯᠤᠯᠲᠠ ᠶᠢᠨ ᠬᠦᠷᠢᠶ᠎ᠡ ᠬᠡᠪᠴᠢᠶ᠎ᠡ ᠳᠤ ᠣᠷᠣᠭᠤᠯᠵᠤ᠂ ᠴᠢᠬᠤᠯᠠᠲᠠᠶ ᠦᠶ᠎ᠡ ᠳᠤ ᠲᠤᠰᠬᠠᠶ ᠲᠣᠬᠢᠷᠠᠭᠤᠯᠤᠨ᠎ᠠ︔ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠰᠦᠯ ᠲᠠᠢ ᠨᠡᠶᠢᠯᠡᠭᠦᠯᠵᠦ᠂ ᠲᠤᠰᠠᠭᠠᠷ ᠵᠠᠷᠤᠳᠠᠯ ᠬᠤᠷᠢᠶᠠᠬᠤ ᠥᠬᠡᠶ ᠪᠣᠯ ᠲᠥᠪᠯᠡᠷᠡᠭᠦᠯᠦᠨ ᠬᠤᠳᠠᠯᠳᠤᠨ ᠠᠪᠴᠤ ᠥᠪᠡᠷ ᠤᠨ ᠥᠷᠲᠡᠭ ᠢ ᠪᠠᠭᠤᠷᠠᠭᠤᠯᠬᠤ ᠦᠷ᠎ᠡ ᠪᠦᠲᠦᠮᠵᠢ ᠶᠢ ᠦᠨᠳᠦᠰᠦᠯᠡᠨ ᠂ ᠡᠮᠴᠢᠯᠡᠭᠡᠨ ᠤ ᠦᠢᠯᠡᠴᠢᠯᠡᠭᠡ ᠶᠢᠨ ᠲᠥᠰᠦᠯ ᠤᠨ ᠦᠨ᠎ᠡ ᠬᠠᠩᠰᠢ ᠶᠢ ᠵᠣᠬᠢᠰᠲᠠᠶ ᠪᠠᠭᠤᠷᠠᠭᠤᠯᠵᠤ᠂ ᠣᠯᠠᠨ ᠲᠦᠮᠡᠨ ᠳᠤ ᠥᠭᠡᠷᠡᠴᠢᠯᠡᠯᠲᠡ ᠶᠢᠨ ᠠᠰᠢᠭ ᠲᠤᠰᠠ ᠶᠢ ᠭᠦᠷᠲᠡᠭᠡᠨ᠎ᠡ᠃     ᠳᠣᠯᠤᠭ᠎ᠠ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠠᠵᠢᠯ ᠤᠨ ᠰᠠᠨᠠᠭᠠᠴᠢᠯᠠᠭᠠᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠵᠢᠷᠤᠮᠵᠢᠭᠤᠨ ᠴᠢᠨᠠᠷ ᠢ ᠳᠡᠭᠡᠭᠰᠢᠯᠡᠭᠦᠯᠦᠨ᠎ᠡ᠃ ᠰᠢᠰᠲ᠋ᠧᠮᠲᠡᠢ ᠬᠤᠷᠠᠮᠳᠤᠵᠤ᠂ ᠵᠣᠬᠢᠴᠠᠯᠳᠤᠨ ᠥᠨᠳᠥᠷ ᠦᠷ᠎ᠡ ᠪᠦᠲᠦᠮᠵᠢᠲᠡᠶ ᠪᠠᠶᠢᠬᠤ ᠣᠨᠣᠯᠵᠢᠬᠤᠨ ᠢ ᠪᠠᠷᠢᠮᠲᠠᠯᠠᠵᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠪᠠ ᠬᠠᠮᠢᠶᠠᠷᠤᠯᠲᠠ ᠶᠢᠨ ᠠᠵᠢᠯ ᠢ ᠪᠦᠬᠦᠯᠢ ᠴᠣᠭᠴᠠ ᠪᠠᠷ ᠰᠥᠪᠡᠭᠴᠢᠯᠡᠨ᠂ ᠡᠮᠴᠢᠯᠡᠭᠡᠨ ᠤ ᠪᠠᠲᠤᠯᠠᠭ᠎ᠠ ᠪᠠ ᠡᠮᠴᠢᠯᠡᠭᠡᠨ ᠤ ᠦᠢᠯᠡᠴᠢᠯᠡᠭᠡ ᠶᠢᠨ ᠵᠣᠬᠢᠴᠠᠯᠳᠤᠨ ᠴᠢᠨᠠᠷ ᠰᠠᠶᠢᠲᠠᠶ ᠬᠥᠭᠵᠢᠬᠦ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠱᠠᠲᠤ ᠬᠤᠪᠢᠶᠠᠨ ᠣᠨᠣᠰᠢᠯᠠᠨ ᠡᠮᠨᠡᠬᠦ᠂ ᠡᠮᠴᠢᠯᠡᠭᠡᠨ ᠤ ᠵᠠᠷᠤᠳᠠᠯ ᠢ ᠡᠵᠡᠮᠳᠡᠬᠦ᠂ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ᠂ ᠴᠠᠯᠢᠩ ᠬᠥᠯᠥᠰᠥ ᠶᠢᠨ ᠲᠦᠷᠢᠮ᠂ ᠡᠮᠨᠡᠯᠭᠡ ᠶᠢᠨ ᠬᠤᠷᠢᠶ᠎ᠠ ᠶᠢᠨ ᠡᠵᠡᠩᠨᠡᠯᠲᠡ ᠵᠡᠷᠭᠡ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠵᠣᠯᠭᠠᠭᠤᠯᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠨᠡᠶᠢᠲᠡ ᠶᠢᠨ ᠠᠰᠠᠷᠠᠮᠵᠢ ᠶᠢᠨ ᠴᠢᠨᠠᠷ ᠢ ᠨᠠᠶᠢᠳᠠᠪᠤᠷᠢᠵᠢᠭᠤᠯᠬᠤ ᠶᠢ ᠦᠢᠯᠡᠳᠦᠯᠭᠡᠵᠢᠭᠦᠯᠦᠨ᠂ ᠶᠡᠷᠦᠩᠬᠡᠶᠢᠯᠡᠭᠰᠡᠨ ᠨᠥᠯᠥᠭᠡ ᠶᠢ ᠪᠣᠶ ᠪᠣᠯᠭᠠᠨ᠎ᠠ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠪᠣᠯᠬᠤ ᠬᠤᠲᠠ ᠶᠢ ᠵᠢᠯᠣᠭᠤᠳᠤᠨ ᠳᠠᠭᠤᠷᠢᠶᠠᠨ ᠳᠡᠯᠭᠡᠷᠡᠭᠦᠯᠵᠦ ᠪᠣᠯᠬᠤᠶᠢᠴᠠ ᠥᠭᠡᠷᠡᠴᠢᠯᠡᠯᠲᠡ ᠶᠢᠨ ᠲᠤᠷᠰᠢᠯᠭ᠎ᠠ ᠶᠢ ᠰᠦᠪᠡᠭᠴᠢᠯᠡᠨ᠎ᠡ᠃ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠬᠤ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠶᠡᠷᠦᠩᠬᠡᠶ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ᠂ ᠲᠥᠷᠥᠯ ᠬᠤᠪᠢᠶᠠᠨ ᠪᠣᠶ ᠪᠣᠯᠭᠠᠬᠤ᠂ ᠬᠥᠳᠡᠯᠦᠩᠭᠦᠶ ᠪᠠᠷ ᠲᠣᠬᠢᠷᠠᠭᠤᠯᠬᠤ᠂ ᠬᠢᠨᠠᠨ ᠰᠢᠯᠭᠠᠵᠤ ᠬᠢᠨᠠᠨ ᠪᠠᠶᠢᠴᠠᠭᠠᠬᠤ ᠳᠡᠰ ᠳᠠᠷᠠᠭᠠᠯᠠᠯ᠂ ᠳᠦᠷᠢᠮ ᠂ ᠭᠦᠢᠴᠡᠳᠭᠡᠯ ᠲᠤᠭ᠎ᠠ ᠪᠣᠯᠤᠨ ᠪᠤᠯᠵᠤᠯᠳᠤ ᠲᠣᠭᠠᠨ ᠤ ᠳᠣᠭᠲᠠᠯᠴᠠᠭ᠎ᠠ ᠶᠢ ᠨᠠᠷᠢᠨ ᠨᠢᠮᠪᠠᠶ ᠵᠢᠷᠤᠭᠯᠠᠨ ᠲᠥᠯᠥᠪᠯᠡᠵᠦ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠪᠣᠯᠤᠨ ᠡᠮᠨᠡᠯᠭᠡ ᠶᠢᠨ ᠠᠵᠢᠯᠲᠠᠨ ᠯᠤᠭ᠎ᠠ ᠶᠢᠨ ᠨᠡᠪᠲᠡᠷᠡᠯᠴᠡᠵᠦ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠡᠮᠨᠡᠯᠭᠡ ᠶᠢᠨ ᠬᠤᠷᠢᠶ᠎ᠠ ᠦᠨ᠎ᠡ ᠬᠠᠩᠰᠢ ᠶᠢ ᠪᠣᠶ ᠪᠣᠯᠭᠠᠬᠤ ᠳᠤ ᠣᠷᠣᠯᠴᠠᠬᠤ ᠲᠦᠷᠢᠮ ᠪᠠ ᠲᠠᠰ ᠳᠠᠷᠠᠭᠠᠯᠠᠯ ᠢ ᠲᠣᠳᠣᠷᠬᠠᠶᠢᠯᠠᠵᠤ᠂ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠡᠮᠴᠢᠯᠡᠭᠡᠨ ᠤ ᠦᠢᠯᠡᠴᠢᠯᠡᠭᠡ ᠶᠢᠨ ᠥᠪᠡᠷ ᠤᠨ ᠥᠷᠲᠡᠭ ᠢ ᠬᠠᠮᠢᠶᠠᠷᠤᠨ ᠡᠵᠡᠮᠳᠡᠬᠦ᠂ ᠡᠮ ᠡᠮᠨᠡᠯᠭᠡ ᠶᠢᠨ ᠵᠠᠷᠤᠳᠠᠯ ᠤᠨ ᠪᠦᠲᠦᠴᠡ ᠶᠢ ᠰᠢᠯᠢᠳᠡᠭᠵᠢᠭᠦᠯᠬᠦ᠂ ᠦᠨ᠎ᠡ ᠬᠠᠩᠰᠢ ᠶᠢ ᠳᠣᠭᠢᠷᠠᠭᠤᠯᠬᠤ ᠣᠷᠣᠨ ᠵᠠᠶ ᠶᠢ ᠥᠷᠭᠡᠳᠬᠡᠬᠦ ᠵᠡᠷᠭᠡ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠭᠦᠢᠴᠡᠳᠭᠡᠬᠦ ᠪᠣᠯᠭᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠣᠯᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠲᠣᠭᠲᠠᠴᠠ᠂ ᠡᠮᠨᠡᠯᠭᠡ ᠶᠢᠨ ᠬᠤᠷᠢᠶ᠎ᠠ ᠶᠢᠨ ᠰᠢᠨ᠎ᠡ ᠪᠠᠷ ᠨᠡᠮᠡᠭᠳᠡᠭᠰᠡᠨ ᠦᠨ᠎ᠡ ᠬᠠᠩᠰᠢ ᠶᠢᠨ ᠲᠥᠰᠦᠯ ᠢ ᠭᠤᠶᠤᠴᠢᠯᠠᠨ ᠮᠡᠳᠡᠭᠦᠯᠬᠦ ᠵᠡᠷᠭᠡ ᠠᠵᠢᠯ ᠤᠨ ᠬᠠᠮᠵᠢᠯᠴᠠᠭ᠎ᠠ ᠶᠢ ᠰᠠᠶᠢᠲᠤᠷ ᠬᠢᠨ᠎ᠡ᠃   ᠲᠤᠰ ᠮᠡᠳᠡᠭᠳᠡᠯ ᠨᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠦᠴᠦᠨ ᠲᠠᠢ ᠪᠣᠯᠤᠨ᠎ᠠ᠃          ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠠᠯᠪᠠᠨ ᠭᠡᠷ         2022 ᠣᠨ ᠤ 7 ᠳ᠋ᠤᠭᠠᠷ ᠰᠠᠷ᠎ᠠ ᠶᠢᠨ 11 ᠤ ᠡᠳᠦᠷ    
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号