ᠬᠢᠩᠭᠠᠨ ᠠᠶᠢᠮᠠᠭ ᠤᠨ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠨᠠᠶᠢᠳᠠᠵᠤ ᠳᠣᠭᠢᠷᠠᠭᠤᠯᠤᠨ ᠬᠦᠷᠭᠡᠬᠦ ᠬᠡᠯᠡᠯᠴᠡᠬᠡᠷ ᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/9/28
ᠡᠯ᠎ᠡ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠳᠤ᠄    ᠣᠳᠣᠬᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠦᠨᠳᠦᠰᠦᠯᠡᠨ᠂ ᠬᠢᠵᠢᠭ ᠤᠨ ᠪᠠᠶᠢᠳᠠᠯ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠥᠮᠦᠰ ᠤᠨ ᠴᠤᠭᠯᠠᠷᠠᠬᠤ ᠠᠴᠠ ᠪᠣᠯᠵᠣ ᠬᠠᠯᠳᠠᠪᠤᠷᠢᠯᠠᠬᠤ ᠲᠦᠭᠰᠢᠭᠦᠷᠢ ᠶᠢᠨ ᠳᠡᠭᠡᠭᠰᠢᠯᠡᠭᠦᠯᠬᠦ ᠠᠴᠠ ᠵᠠᠶᠢᠯᠠᠰᠬᠢᠬᠦ ᠶᠢᠨ ᠲᠥᠯᠥᠭᠡ᠂ ᠡᠳᠦᠭᠡ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠬᠡᠯᠪᠡᠷᠢ ᠳᠤ ᠲᠣᠬᠢᠷᠠᠭᠤᠯᠤᠯᠲᠠ ᠬᠢᠪᠠ᠂ ᠪᠣᠳᠠᠲᠠᠶ ᠵᠦᠢᠯ ᠢ ᠳᠤᠤᠷᠠᠬᠢ ᠮᠡᠲᠦ ᠮᠡᠳᠡᠭᠳᠡᠪᠡ᠄    ᠨᠢᠭᠡ᠂ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠮᠠᠨ ᠤ ᠠᠶᠢᠮᠠᠭ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠢᠯᠡ ᠪᠠᠷ ᠬᠤᠳᠠᠯᠳᠤᠨ ᠠᠪᠴᠤ ᠰᠦᠯᠵᠢᠶᠡᠨ ᠳᠤ ᠡᠯᠭᠦᠬᠦ ᠦᠢᠯᠡᠳᠭᠦᠨ ᠢ ᠨᠠᠶᠢᠳᠠᠵᠤ ᠳᠣᠭᠢᠷᠠᠭᠤᠯᠤᠨ ᠬᠦᠷᠭᠡᠬᠦ ᠬᠡᠯᠡᠯᠴᠡᠭᠡᠷ ᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢ ᠰᠦᠯᠵᠢᠶᠡᠨ ᠳᠤ ᠭᠥᠯᠢᠶᠡᠨ ᠠᠪᠴᠤ ᠰᠢᠢᠳᠪᠦᠷᠢᠯᠡᠬᠦ ᠪᠣᠯᠭᠠᠨ ᠲᠣᠬᠢᠷᠠᠭᠤᠯᠵᠤ᠂ ᠳᠠᠷᠤᠮᠠᠯᠯᠠᠭᠰᠠᠨ ᠮᠠᠲ᠋ᠧᠷᠢᠶᠠᠯ ᠢ ᠳᠠᠭᠢᠵᠤ ᠭᠥᠯᠢᠶᠡᠨ ᠠᠪᠬᠤ ᠥᠬᠡᠶ᠃    ᠬᠤᠶᠠᠷ᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠠᠴᠠ ᠬᠠᠮᠢᠶ᠎ᠠ ᠪᠦᠬᠦᠢ ᠠᠭᠤᠯᠭ᠎ᠠ ᠶᠢ ︵ᠳᠠᠭᠠᠯᠳᠤᠭᠤᠯᠤᠯ ︶ ᠶᠣᠰᠤᠭᠠᠷ ᠲᠠᠭᠯᠠᠨ ᠪᠢᠴᠢᠵᠦ᠂ ᠦᠢᠯᠡᠳᠪᠦᠷᠢᠯᠡᠬᠦ ᠠᠵᠤ ᠠᠬᠤᠶᠢᠯᠠᠯ ᠯᠤᠭ᠎ᠠ ᠲᠣᠭᠲᠠᠭᠰᠠᠨ ᠨᠠᠶᠢᠳᠠᠵᠤ ᠲᠣᠬᠢᠷᠠᠭᠤᠯᠤᠨ ᠬᠦᠷᠭᠡᠬᠦ ᠬᠡᠯᠡᠯᠴᠡᠭᠡᠷ ᠤᠨ ᠰᠢᠷᠪᠢᠭᠰᠡᠨ ᠮᠠᠲ᠋ᠧᠷᠢᠶᠠᠯ ︵PDF ᠬᠡᠯᠪᠡᠷᠢ︶ ᠢ ᠬᠢᠩᠭᠠᠨ ᠠᠶᠢᠮᠠᠭ ᠤᠨ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠢᠮᠧᠯ ᠳᠤ ᠶᠠᠪᠤᠭᠤᠯᠤᠨ᠎ᠠ᠃ ᠤᠷᠢᠲᠠᠯ ᠨᠢ ᠰᠦᠯᠵᠢᠶᠡᠨ ᠳᠤ ᠲᠣᠬᠢᠷᠠᠭᠤᠯᠤᠨ ᠬᠦᠷᠭᠡᠬᠦ ᠬᠠᠷᠢᠴᠠᠭ᠎ᠠ ᠨᠢᠭᠡᠨᠲᠡ ᠪᠠᠶᠢᠭᠤᠯᠤᠭᠳᠠᠭᠰᠠᠨ ᠪᠠᠶᠢᠬᠤ ᠬᠡᠷᠡᠭᠲᠡᠢ᠃ ᠨᠠᠶᠢᠳᠠᠵᠤ ᠳᠣᠭᠢᠷᠠᠭᠤᠯᠤᠨ ᠬᠦᠷᠭᠡᠬᠦ ᠬᠡᠯᠡᠯᠴᠡᠭᠡᠷ ᠨᠢ ᠡᠷᠬᠡᠪᠰᠢ ᠱᠠᠭᠠᠷᠳᠠᠯᠭ᠎ᠠ ᠶᠣᠰᠣᠭᠠᠷ ᠦᠢᠯᠡᠳᠭᠦᠨ ᠤ ᠮᠡᠳᠡᠭᠡ ᠵᠠᠩᠭᠢ ᠶᠢᠨ ᠬᠦᠰᠦᠨᠦᠭᠲᠦ ᠵᠢᠴᠢ ᠳᠣᠭᠢᠷᠠᠭᠤᠯᠤᠨ ᠬᠦᠷᠭᠡᠬᠦ ᠣᠷᠣᠨ ᠪᠦᠰᠡ᠂ ᠬᠠᠤᠯᠢ ᠶᠢᠨ ᠡᠷᠬᠡᠲᠡᠨ ᠭᠠᠷ ᠤᠨ ᠥᠰᠥᠭ ᠵᠢᠷᠤᠵᠤ ᠠᠯᠪᠠᠨ ᠲᠠᠮᠠᠭ᠎ᠠ ᠳᠠᠷᠤᠭᠰᠠᠨ ᠵᠦᠢᠯ ᠢ ᠳᠠᠭᠠᠯᠳᠤᠭᠤᠯᠬᠤ ᠬᠡᠷᠡᠭᠲᠡᠢ᠃ ᠡᠰᠡ ᠲᠡᠭᠡᠪᠡᠯ ᠬᠢᠨᠠᠨ ᠪᠠᠶᠢᠴᠠᠭᠠᠬᠤ ᠦᠭᠡᠢ᠃   ᠭᠤᠷᠪᠠ᠂ ᠬᠡᠯᠡᠯᠴᠡᠭᠡᠷ ᠢ ᠬᠢᠨᠠᠨ ᠪᠠᠶᠢᠴᠠᠭᠠᠬᠤ ᠴᠠᠭ᠄ ᠭᠠᠷᠠᠭ ᠤᠨ ᠲᠠᠪᠤᠨ᠃   ᠳᠠᠭᠠᠯᠳᠤᠭᠤᠯᠤᠯ᠄   1 . ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠨᠠᠶᠢᠳᠠᠬᠤ ᠬᠡᠯᠡᠯᠴᠡᠭᠡᠷ ᠤᠨ ᠵᠠᠭᠪᠤᠷ   2 . ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠢᠮᠧᠯ᠄ 150610114@qq.com   3 . ᠬᠠᠷᠢᠯᠴᠠᠬᠤ ᠤᠲᠠᠰᠤ᠄ 0482 - 8250918 
 
ᠢᠷᠡᠯᠲᠡ᠄ ᠬᠢᠩᠭᠠᠨ ᠠᠶᠢᠮᠠᠭ ᠤᠨ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号