ᠮᠠᠨ ᠤ ᠣᠷᠣᠨ ᠤ 9 ᠳ᠋ᠦ᠋ᠭᠡᠷ ᠰᠠᠷ᠎ᠠ ᠶᠢᠨ 27 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/9/28
      9 ᠳ᠋ᠦ᠋ᠭᠡᠷ ᠰᠠᠷ᠎ᠠ ᠶᠢᠨ 27 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠲᠤ︶ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠣᠯᠠᠭᠰᠠᠨ 36 ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ ᠭᠠᠷᠪᠠ ᠂ ᠲᠡᠳᠡᠭᠡᠷ ᠨᠢ ᠴᠥᠮ ᠤᠯᠠᠭᠠᠨᠬᠠᠳᠠ ᠬᠤᠲᠠ ᠳᠤ ︵ᠬᠤᠩᠱᠠᠨ ᠲᠣᠭᠤᠷᠢᠭ ᠲᠤ 2 ᠂ ᠰᠦᠩᠱᠠᠨ ᠲᠣᠭᠤᠷᠢᠭ ᠲᠤ 20 ᠂ ᠣᠩᠨᠢᠭᠤᠳ ᠬᠤᠰᠢᠭᠤᠨ ᠳᠤ 14 ︶ ᠪᠣᠢ ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 24 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠤᠯᠠᠭᠠᠨᠬᠠᠳᠠ ᠬᠤᠲᠠ ᠳᠤ 23 ︵ᠬᠤᠩᠱᠠᠨ ᠲᠣᠭᠤᠷᠢᠭ ᠲᠤ 1 ᠂ ᠰᠦᠩᠱᠠᠨ ᠲᠣᠭᠤᠷᠢᠭ ᠲᠤ 5 ᠂ ᠣᠩᠨᠢᠭᠤᠳ ᠬᠤᠰᠢᠭᠤᠨ ᠳᠤ 17 ︶᠂ ᠪᠠᠶᠠᠨᠨᠠᠭᠤᠷ ᠬᠤᠲᠠ ᠳᠤ 1 ︵ᠯᠢᠨ ᠾᠧ ᠲᠣᠭᠤᠷᠢᠭ ᠲᠤ ︶ ᠪᠣᠶ᠃      9 ᠳ᠋ᠦ᠋ᠭᠡᠷ ᠰᠠᠷ᠎ᠠ ᠶᠢᠨ 27 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 95 ᠪᠠᠶᠢᠵᠤ᠂ ᠡᠭᠦᠨ ᠳᠤ ᠪᠤᠭᠤᠲᠤ ᠬᠤᠲᠠ ᠳᠤ 1 ︵ᠳ᠋ᠦᠩ ᠾᠧ ᠲᠣᠭᠤᠷᠢᠭ ᠲᠤ︶᠂ ᠬᠥᠯᠥᠨ ᠪᠤᠶᠢᠷ ᠬᠤᠲᠠ ᠳᠤ 2 ︵ᠴᠥᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 92 ︵ᠰᠦᠩᠱᠠᠨ ᠲᠣᠭᠤᠷᠢᠭ ᠲᠤ 53 ᠂ ᠣᠩᠨᠢᠭᠤᠳ ᠬᠤᠰᠢᠭᠤᠨ ᠳᠤ 35 ᠂ ᠠᠷᠤ ᠬᠤᠷᠴᠢᠨ ᠬᠤᠰᠢᠭᠤᠨ ᠳᠤ 4︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 104 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 100 ︵ᠬᠤᠩᠱᠠᠨ ᠲᠣᠭᠤᠷᠢᠭ ᠲᠤ 1 ᠂ ᠰᠦᠩᠱᠠᠨ ᠲᠣᠭᠤᠷᠢᠭ ᠲᠤ 47 ᠂ ᠣᠩᠨᠢᠭᠤᠳ ᠬᠤᠰᠢᠭᠤᠨ ᠳᠤ 52︶ ᠂ ᠪᠠᠶᠠᠨᠨᠠᠭᠤᠷ ᠬᠤᠲᠠ ᠳᠤ 4 ︵ᠴᠥᠮ ᠯᠢᠨ ᠾᠧ ᠲᠣᠭᠤᠷᠢᠭ ᠲᠤ︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 16᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ᠪᠠᠶᠢᠵᠤ᠂ ᠴᠥᠮ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠠᠵᠦ ᠪᠠᠶᠢᠨ᠎ᠠ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号