︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/9/5
    ᠨᠢᠭᠡ᠂ ᠠᠬᠤᠶ ᠪᠠᠶᠢᠳᠠᠯ ᠵᠢᠴᠢ ᠦᠨᠳᠦᠰᠦᠯᠡᠯ    ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠦᠭᠡ᠂ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠳᠤ ᠬᠠᠷᠢᠯᠴᠠᠨ ᠳᠤᠰᠠᠯᠠᠬᠤ ᠪᠠᠲᠤᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 4 ᠳ᠋ᠦ᠋ᠭᠡᠷ ᠲᠣᠭᠠᠲᠤ︶ ᠵᠢᠴᠢ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠳᠤ ᠬᠠᠷᠢᠯᠴᠠᠨ ᠳᠤᠰᠠᠯᠠᠬᠤ ᠪᠠᠲᠤᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 82 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠲᠣᠪᠴᠢᠶ᠎ᠠ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠃ ︽ᠬᠠᠮᠢᠶᠠᠷᠤᠯᠲᠠ ᠶᠢᠨ ᠠᠷᠭ᠎ᠠ︾ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠤᠨ ᠪᠠᠲᠤᠯᠠᠭ᠎ᠠ᠂ ᠮᠡᠳᠡᠭᠦᠯᠵᠦ ᠮᠠᠭᠠᠳᠯᠠᠨ ᠳᠣᠭᠲᠠᠭᠠᠬᠤ᠂ ᠳ᠋ᠦᠩᠨᠡᠨ ᠪᠣᠳᠤᠬᠤ ᠬᠠᠮᠢᠶᠠᠷᠤᠯᠲᠠ᠂ ᠦᠢᠯᠡᠴᠢᠯᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠭᠥᠷᠳᠡᠬᠦ ᠶᠢ ᠤᠯᠠᠮ ᠨᠢᠭᠡ ᠠᠯᠬᠤᠮ ᠵᠢᠷᠤᠮᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠤᠯ ᠠᠭᠤᠯᠭ᠎ᠠ    ︵ᠨᠢᠭᠡ︶ ᠲᠣᠬᠢᠷᠠᠬᠤ ᠬᠥᠮᠦᠰ᠃ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠳ᠃    ︵ᠬᠤᠶᠠᠷ︶ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠲᠦᠷᠦᠯ ᠵᠦᠢᠯ᠃ ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠢ ᠡᠪᠡᠳᠴᠢᠨ ᠳᠤ 10 ᠵᠦᠢᠯ ᠪᠣᠶ᠄ ᠰᠢᠰᠲ᠋ᠧᠮᠲᠦ ᠴᠢᠨᠠᠷᠲᠠᠢ ᠤᠯᠠᠭᠠᠨ ᠲᠣᠯᠪᠣᠲᠤ ᠴᠢᠨ᠋ᠸ᠎ᠠ ᠶᠢᠨ ᠶᠠᠷ᠎ᠠ᠂ ᠴᠡᠴᠡᠷᠬᠡᠢ ᠡᠪᠡᠳᠴᠢᠨ᠂ ᠨᠥᠬᠦᠬᠦ ᠬᠤᠭᠤᠴᠠᠭ᠎ᠠ ᠪᠠᠨ ᠠᠯᠳᠠᠭᠰᠠᠨ ᠡᠯᠢᠭᠡᠨ ᠤ ᠬᠠᠲᠠᠭᠤᠷᠠᠯ᠂ ᠬᠤᠣᠷᠲᠤ ᠬᠠᠪᠤᠳᠠᠷ ᠤᠨ ᠰᠠᠴᠤᠷᠠᠭ ᠵᠠᠰᠠᠯ ᠪᠠ ᠬᠢᠮᠢ ᠶᠢᠨ ᠵᠠᠰᠠᠯ᠂ ᠴᠢᠰᠤ ᠨᠡᠪᠴᠢᠭᠦᠯᠦᠨ ᠢᠯᠭᠠᠷᠠᠭᠤᠯᠬᠤ᠂ ᠬᠡᠪᠡᠯᠢ ᠶᠢᠨ ᠪᠦᠷᠬᠦᠪᠴᠢ ᠶᠢ ᠨᠡᠪᠴᠢᠭᠦᠯᠦᠨ ᠢᠯᠭᠠᠷᠠᠭᠤᠯᠬᠤ᠂ ᠨᠡᠬᠡᠳᠡᠰᠦ ᠡᠷᠬᠡᠲᠡᠨ ᠢ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠥᠯᠦ ᠢᠵᠢᠯᠢᠰᠢᠬᠦ ᠶᠢ ᠰᠡᠷᠭᠡᠶᠢᠯᠡᠬᠦ ᠡᠮᠴᠢᠯᠡᠭᠡ᠂ ᠸᠢᠷᠦ᠋ᠰ ᠤᠨ ᠴᠢᠨᠠᠷᠲᠠᠢ ᠡᠯᠢᠭᠡᠨ ᠤ ᠦᠷᠪᠢᠰᠦᠯ᠂ ᠴᠢᠰᠤ ᠭᠤᠭᠤᠵᠢᠮᠠᠲᠠᠭᠠᠢ ᠡᠪᠡᠳᠴᠢᠨ᠂ ᠠᠭᠤᠰᠬᠢᠨ ᠤ ᠯᠤᠭᠰᠢᠭᠤᠨ ᠰᠤᠳᠠᠯ ᠤᠨ ᠳᠠᠷᠤᠯᠲᠠ ᠥᠨᠳᠥᠷ ᠵᠡᠷᠭᠡ ᠪᠣᠯᠤᠨ᠎ᠠ᠃ ᠳᠡᠭᠡᠷ᠎ᠡ ᠳᠤᠷᠠᠳᠤᠭᠰᠠᠨ ᠬᠡᠪᠴᠢᠶᠡᠨ ᠳᠤ ᠣᠷᠣᠬᠤ ᠦᠭᠡᠶ ᠤᠤᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠵᠦᠢᠯ ᠢ ᠪᠦᠬᠦᠨ ᠢ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠪᠠᠲᠤᠯᠠᠭ᠎ᠠ ᠳᠤ ᠣᠷᠣᠭᠤᠯᠤᠨ᠎ᠠ᠃    ︵ᠭᠤᠷᠪᠠ︶ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠡᠬᠢᠯᠡᠵᠦ ᠥᠭᠬᠦ ᠪᠠᠷᠢᠮᠵᠢᠶ᠎ᠠ᠂ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ᠂ ᠥᠭᠬᠦ ᠬᠠᠷᠢᠴᠠᠯ ᠪᠠ ᠥᠭᠬᠦ ᠨᠤᠷᠮ᠎ᠠ᠃ ᠳᠠᠭᠠᠳᠬᠠᠯ ᠳᠤ ᠣᠷᠣᠯᠴᠠᠭᠰᠠᠳ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠭᠰᠡᠨ ᠡᠮ ᠡᠮᠨᠡᠯᠭᠡ ᠶᠢᠨ ᠵᠠᠷᠤᠳᠠᠯ ᠭᠠᠷᠭᠠᠪᠠᠯ᠂ ᠨᠢᠭᠡ ᠵᠢᠯ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠶᠢᠨ ᠡᠬᠢᠯᠡᠵᠦ ᠥᠭᠬᠦ ᠪᠠᠷᠢᠮᠵᠢᠶ᠎ᠠ ᠨᠢ 1000 ᠲᠥᠭᠦᠷᠢᠭ ᠪᠣᠯᠤᠨ᠎ᠠ᠃ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠢ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠪᠣᠯᠤᠨ ᠶᠡᠭᠡ ᠲᠣᠭᠠᠨ ᠤ ᠳᠠᠭᠠᠳᠬᠠᠯ ᠤᠨ ᠰᠠᠭᠤᠷᠢ ᠮᠥᠩᠭᠦ ᠶᠢᠨ ᠥᠭᠬᠦ ᠬᠡᠪᠴᠢᠶᠡᠨ ᠳᠤ ᠨᠡᠶᠢᠯᠡᠭᠦᠯᠦᠨ ᠪᠣᠳᠣᠵᠤ᠂ ᠨᠢᠭᠡ ᠵᠢᠯ ᠤᠨ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠨᠢ 30 . 5 ᠲᠦᠮᠡᠨ ᠲᠥᠭᠦᠷᠢᠭ ᠪᠣᠯᠣᠨ᠎ᠠ᠃ ᠡᠬᠢᠯᠡᠵᠦ ᠥᠭᠬᠦ ᠪᠠᠷᠢᠮᠵᠢᠶ᠎ᠠ ᠠᠴᠠ ᠳᠡᠭᠡᠭᠰᠢ 3 . 5 ᠲᠦᠮᠡᠨ ᠲᠥᠭᠦᠷᠢᠭ ︵3 . 5 ᠲᠦᠮᠡᠨ ᠲᠥᠭᠦᠷᠢᠭ ᠢ ᠪᠠᠭᠲᠠᠭᠠᠨ᠎ᠠ︶ ᠠᠴᠠ ᠳᠣᠷᠣᠭᠰᠢ ᠵᠠᠷᠤᠳᠠᠯ ᠳᠤ ᠥᠭᠬᠦ ᠬᠠᠷᠢᠴᠠᠯ ᠨᠢ 80 % ᠪᠠᠶᠢᠵᠤ᠂ 3 . 5 ᠲᠦᠮᠡᠨ ᠲᠥᠭᠦᠷᠢᠭ ᠠᠴᠠ ᠳᠡᠭᠡᠭᠰᠢ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠠᠴᠠ ᠳᠣᠷᠣᠭᠰᠢ ᠵᠠᠷᠤᠳᠠᠯ ᠳᠤ ᠥᠭᠬᠦ ᠬᠠᠷᠢᠴᠠᠯ ᠨᠢ 90 % ᠪᠣᠯᠤᠨ᠎ᠠ᠃ ᠬᠤᠣᠷᠲᠤ ᠬᠠᠪᠤᠳᠠᠷ ᠤᠨ ᠰᠠᠴᠤᠷᠠᠭ ᠵᠠᠰᠠᠯ ᠪᠠ ᠬᠢᠮᠢ ᠶᠢᠨ ᠵᠠᠰᠠᠯ᠂ ᠴᠢᠰᠤ ᠨᠡᠪᠴᠢᠭᠦᠯᠦᠨ ᠢᠯᠭᠠᠷᠠᠭᠤᠯᠬᠤ᠂ ᠬᠡᠪᠡᠯᠢ ᠶᠢᠨ ᠪᠦᠷᠬᠦᠪᠴᠢ ᠶᠢ ᠨᠡᠪᠴᠢᠭᠦᠯᠦᠨ ᠢᠯᠭᠠᠷᠠᠭᠤᠯᠬᠤ᠂ ᠨᠡᠬᠡᠳᠡᠰᠦ ᠡᠷᠬᠡᠲᠡᠨ ᠢ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠥᠯᠦ ᠢᠵᠢᠯᠢᠰᠢᠬᠦ ᠶᠢ ᠰᠡᠷᠭᠡᠶᠢᠯᠡᠬᠦ ᠡᠮᠴᠢᠯᠡᠭᠡ᠂ ᠠᠭᠤᠰᠬᠢᠨ ᠤ ᠯᠤᠭᠰᠢᠭᠤᠨ ᠰᠤᠳᠠᠯ ᠤᠨ ᠳᠠᠷᠤᠯᠲᠠ ᠥᠨᠳᠥᠷ᠂ ᠴᠢᠰᠤ ᠭᠤᠭᠤᠵᠢᠮᠠᠲᠠᠭᠠᠢ ᠡᠪᠡᠳᠴᠢᠨ᠂ ᠸᠢᠷᠦ᠋ᠰ ᠤᠨ ᠴᠢᠨᠠᠷᠲᠠᠢ ᠡᠯᠢᠭᠡᠨ ᠤ ᠦᠷᠪᠢᠰᠦᠯ ᠢ ᠨᠢᠭᠡᠳᠦᠯᠲᠡᠢ ᠲᠥᠯᠦᠪᠯᠡᠭᠰᠡᠨ ᠰᠠᠭᠤᠷᠢ ᠮᠥᠩᠭᠦ ᠪᠠ ᠶᠡᠭᠡ ᠲᠣᠭᠠᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠥᠯᠥᠬᠦ ᠬᠦᠷᠢᠶ᠎ᠡ ᠬᠡᠪᠴᠢᠶᠡᠨ ᠳᠤ ᠨᠡᠶᠢᠯᠡᠭᠦᠯᠦᠨ ᠪᠣᠳᠣᠵᠤ᠂ ᠨᠢᠭᠡ ᠵᠢᠯ ᠤᠨ ᠬᠠᠮᠤᠭ ᠤᠨ ᠥᠨᠳᠥᠷ ᠲᠥᠯᠥᠬᠦ ᠬᠢᠵᠠᠭᠠᠷ ᠲᠤᠭ᠎ᠠ ᠨᠢ 30 . 5 ᠲᠦᠮᠡᠨ ᠲᠥᠭᠦᠷᠢᠭ ᠪᠣᠯᠤᠨ᠎ᠠ︔ ᠨᠥᠬᠦᠬᠦ ᠬᠤᠭᠤᠴᠠᠭ᠎ᠠ ᠪᠠᠨ ᠠᠯᠳᠠᠭᠰᠠᠨ ᠡᠯᠢᠭᠡᠨ ᠤ ᠬᠠᠲᠠᠭᠤᠷᠠᠯ᠂ ᠴᠡᠴᠡᠷᠬᠡᠢ ᠡᠪᠡᠳᠴᠢᠨ ᠤ ᠳᠥᠯᠥᠬᠦ ᠨᠣᠷᠮ᠎ᠠ ᠨᠢ 8000 ᠲᠥᠭᠦᠷᠢᠭ ᠪᠣᠯᠤᠨ᠎ᠠ︔ ᠰᠢᠰᠲ᠋ᠧᠮᠲᠦ ᠴᠢᠨᠠᠷᠲᠠᠢ ᠤᠯᠠᠭᠠᠨ ᠲᠣᠯᠪᠣᠲᠤ ᠴᠢᠨ᠋ᠸ᠎ᠠ ᠶᠢᠨ ᠶᠠᠷ᠎ᠠ᠂ ᠶᠢᠨ ᠲᠥᠯᠥᠬᠦ ᠨᠣᠷᠮ᠎ᠠ ᠨᠢ 6000 ᠲᠥᠭᠦᠷᠢᠭ ᠪᠣᠯᠤᠨ᠎ᠠ᠃ ᠳᠡᠭᠡᠷ᠎ᠡ ᠳᠤᠷᠠᠳᠤᠭᠰᠠᠨ ᠡᠪᠡᠳᠴᠢᠨ ᠳᠤ ᠨᠡᠷᠪᠡᠭᠳᠡᠭᠰᠡᠨ ᠳᠠᠭᠠᠳᠬᠠᠯ ᠳᠤ ᠣᠷᠣᠯᠴᠠᠭᠰᠠᠳ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠬᠠᠷᠠᠭᠠᠯᠵᠠᠯ ᠢ ᠮᠡᠳᠡᠭᠦᠯᠵᠦ ᠪᠣᠯᠤᠨ᠎ᠠ᠂ ᠬᠤᠶᠠᠷ ᠵᠦᠢᠯ ᠠᠴᠠ ᠳᠡᠭᠡᠭᠰᠢ ᠡᠪᠡᠳᠴᠢᠨ ᠡᠮᠭᠡᠭ ᠲᠠᠢ ᠪᠣᠯ ᠬᠠᠮᠲᠤ ᠳᠤ ᠨᠢ ᠮᠡᠳᠡᠭᠦᠯᠵᠦ᠂ ᠬᠢᠨᠠᠨ ᠵᠥᠪᠰᠢᠶᠡᠷᠡᠭᠦᠯᠵᠦ ᠪᠠᠲᠤᠯᠠᠭᠰᠠᠨ ᠤ ᠳᠠᠷᠠᠭ᠎ᠠ᠂ ᠠᠳᠠᠯᠢ ᠨᠢᠭᠡ ᠡᠬᠢᠯᠡᠵᠦ ᠥᠭᠬᠦ ᠪᠠᠷᠢᠮᠵᠢᠶ᠎ᠠ ᠶᠢ ᠬᠡᠷᠡᠭᠵᠢᠭᠦᠯᠵᠦ ᠪᠣᠯᠤᠨ᠎ᠠ᠃    ︵ᠳᠥᠷᠪᠡ︶ ᠮᠠᠭᠠᠳᠯᠠᠨ ᠳᠣᠭᠲᠠᠭᠠᠬᠤ ᠪᠠ ᠡᠮᠨᠡᠨ ᠵᠠᠰᠠᠬᠤ ᠲᠥᠰᠦᠯ ᠤᠨ ᠬᠤᠪᠢᠷᠠᠯᠲᠠ ᠶᠢ ᠮᠡᠳᠡᠭᠦᠯᠬᠦ᠃ ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠬᠠᠷᠠᠭᠠᠯᠵᠠᠯ ᠢ ᠮᠡᠳᠡᠭᠦᠯᠵᠦ ᠮᠠᠭᠠᠳᠯᠠᠨ ᠲᠣᠭᠲᠠᠭᠠᠬᠤ ᠪᠠ ᠡᠮᠨᠡᠨ ᠵᠠᠰᠠᠬᠤ ᠲᠥᠰᠦᠯ ᠢ ᠬᠤᠪᠢᠷᠠᠭᠤᠯᠬᠤ ᠠᠵᠢᠯ ᠢ ᠪᠦᠬᠦᠨ ᠢ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠪᠠᠭᠤᠯᠭᠠᠵᠤ ᠭᠦᠢᠴᠡᠳᠭᠡᠯᠭᠡᠨ᠎ᠡ᠃     ᠳᠠᠭᠠᠳᠬᠠᠯ ᠳᠤ ᠣᠷᠣᠯᠴᠠᠭᠰᠠᠳ ᠬᠠᠮᠢᠶ᠎ᠠ ᠪᠥᠬᠦᠶ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠭᠤᠶᠤᠴᠢᠯᠠᠯ ᠭᠠᠷᠭᠠᠵᠤ᠂ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠢ ᠬᠢᠨᠠᠨ ᠳᠣᠭᠲᠠᠭᠠᠬᠤ ᠬᠠᠷᠢᠭᠤᠴᠠᠯᠭᠠᠲᠤ ᠡᠮᠴᠢ ᠠᠴᠠ ᠮᠠᠭᠠᠳᠯᠠᠨ ᠲᠣᠭᠲᠠᠭᠠᠵᠤ᠂ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠠᠴᠠ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠵᠤ ᠪᠦᠷᠢᠳᠬᠡᠨ ᠳᠠᠩᠰᠠᠯᠠᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠠᠴᠠ ᠳᠠᠬᠢᠨ ᠬᠢᠨᠠᠵᠤ ᠪᠠᠲᠤᠯᠠᠭᠰᠠᠨ ᠤ ᠳᠠᠷᠠᠭ᠎ᠠ᠂ ᠳᠠᠭᠠᠳᠬᠠᠯ ᠳᠤ ᠣᠷᠣᠯᠴᠠᠭᠰᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠬᠠᠷᠠᠭᠠᠯᠵᠠᠯ ᠢ ᠮᠠᠭᠠᠳᠯᠠᠨ ᠳᠣᠭᠲᠠᠭᠠᠬᠤ ᠭᠤᠶᠤᠴᠢᠯᠠᠯ ᠤᠨ ᠬᠦᠰᠦᠨᠦᠭᠲᠦ︾ ᠪᠠᠷ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠰᠠᠶᠢᠨ ᠳᠤᠷ᠎ᠠ ᠠᠴᠠ ᠪᠠᠨ ᠰᠣᠩᠭᠤᠵᠤ ᠡᠪᠡᠳᠴᠢᠨ ᠢᠶᠠᠨ ᠦᠵᠡᠭᠦᠯᠵᠦ ᠡᠮ ᠬᠤᠳᠠᠯᠳᠤᠨ ᠠᠪᠴᠤ ᠪᠣᠯᠤᠨ᠎ᠠ᠃ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠲᠥᠷᠥᠯ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠤᠯᠤᠰ ᠤᠨ ᠡᠮᠴᠢᠯᠡᠭᠡᠨ ᠤ ᠣᠨᠣᠰᠢᠯᠠᠬᠤ ᠪᠠᠷᠢᠮᠵᠢᠶ᠎ᠠ ᠪᠤᠶᠤ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠵᠥᠪᠯᠡᠯ ᠤᠨ ᠣᠨᠣᠰᠢᠯᠠᠨ ᠡᠮᠨᠡᠬᠦ ᠵᠦᠭᠯᠡᠭᠦᠷ ᠢ ᠴᠢᠩᠭ᠎ᠠ ᠵᠢᠷᠤᠮᠯᠠᠨ ᠲᠣᠭᠲᠠᠭᠠᠨ᠎ᠠ᠃    ᠳᠠᠭᠠᠳᠬᠠᠯ ᠳᠤ ᠣᠷᠣᠯᠴᠠᠭᠰᠠᠳ ᠡᠪᠡᠳᠴᠢᠨ ᠤ ᠪᠠᠶᠢᠳᠠᠯ ᠠᠴᠠ ᠪᠣᠯᠵᠣ ᠡᠮᠨᠡᠨ ᠵᠠᠰᠠᠬᠤ ᠲᠥᠰᠦᠯ ᠳᠤ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠬᠢᠨᠠᠨ ᠳᠣᠭᠲᠠᠭᠠᠬᠤ ᠬᠠᠷᠢᠭᠤᠴᠠᠯᠭᠠᠲᠤ ᠡᠮᠴᠢ ᠠᠴᠠ ᠵᠣᠷ ᠪᠢᠴᠢᠵᠦ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠵᠣᠷ ᠢ ᠳᠠᠬᠢᠨ ᠬᠢᠨᠠᠬᠤ ᠪᠠ ᠠᠯᠪᠠᠨ ᠲᠠᠮᠠᠭ᠎ᠠ ᠳᠠᠷᠤᠬᠤ ᠶᠢ ᠬᠠᠷᠢᠭᠤᠴᠠᠨ᠎ᠠ᠃ ᠳᠠᠭᠠᠳᠬᠠᠯ ᠳᠤ ᠣᠷᠣᠯᠴᠠᠭᠰᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠬᠠᠷᠠᠭᠠᠯᠵᠠᠯ ᠢ ᠮᠠᠭᠠᠳᠯᠠᠨ ᠳᠣᠭᠲᠠᠭᠠᠬᠤ ᠭᠤᠶᠤᠴᠢᠯᠠᠯ ᠤᠨ ᠬᠦᠰᠦᠨᠦᠭᠲᠦ︾ ᠪᠣᠯᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠢᠴᠢᠵᠦ ᠥᠭᠭᠦᠭᠰᠡᠨ ᠵᠣᠷ ᠢᠶᠠᠷ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠬᠦᠷᠴᠦ ᠡᠪᠡᠳᠴᠢᠨ ᠢᠶᠠᠨ ᠦᠵᠡᠭᠦᠯᠵᠦ ᠡᠮ ᠬᠤᠳᠠᠯᠳᠤᠨ ᠠᠪᠤᠨ᠎ᠠ᠃    ᠣᠷᠣᠨ ᠤ ᠳᠣᠲᠣᠷᠠᠬᠢ ᠤᠨᠳᠤᠤ ᠭᠠᠵᠠᠷ ᠲᠤ ᠡᠪᠡᠳᠴᠢᠨ ᠦᠵᠡᠭᠦᠯᠦᠭᠰᠡᠳ ᠪᠠ ᠨᠢᠭᠡᠨᠲᠡ ᠳᠠᠩᠰᠠᠯᠠᠭᠤᠯᠤᠭᠰᠠᠨ ᠮᠤᠵᠢ ᠠᠯᠤᠰᠯᠠᠨ ᠤᠨᠳᠤᠤ ᠭᠠᠵᠠᠷ ᠲᠤ ᠲᠣᠬᠢᠷᠠᠭᠤᠯᠤᠭᠰᠠᠨ ᠠᠵᠢᠯ ᠠᠴᠠ ᠪᠠᠨ ᠠᠮᠠᠷᠠᠭᠰᠠᠳ᠂ ᠤᠨᠳᠤᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠭᠰᠠᠳ᠂ ᠤᠨᠳᠤᠤ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ᠂ ᠤᠨᠳᠤᠤ ᠭᠠᠵᠠᠷ ᠲᠤ ᠰᠢᠯᠵᠢᠭᠦᠯᠦᠨ ᠡᠮᠨᠡᠭᠦᠯᠦᠭᠰᠡᠳ ᠨᠢ ᠡᠪᠡᠳᠴᠢᠨ ᠦᠵᠡᠭᠦᠯᠦᠭᠰᠡᠨ ᠭᠠᠵᠠᠷ ᠤᠨ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠪᠢᠴᠢᠭᠰᠡᠨ ᠵᠣᠷ ᠢᠶᠠᠷ ᠤᠨᠳᠤᠤ ᠭᠠᠵᠠᠷ ᠤᠨ ᠴᠡᠭ ᠳᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠴᠤ ᠪᠣᠯᠤᠨ᠎ᠠ᠃    ︵ᠲᠠᠪᠤ︶ ᠵᠠᠷᠤᠳᠠᠯ ᠢ ᠳ᠋ᠦᠩᠨᠡᠨ ᠪᠤᠳᠤᠬᠤ᠃ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠵᠠᠷᠤᠳᠠᠯ ᠢ ᠳ᠋ᠦᠩᠨᠡᠨ ᠪᠤᠳᠤᠬᠤ ᠳᠤ ᠤᠯᠤᠰ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠣᠨᠣᠰᠢᠯᠠᠨ ᠡᠮᠨᠡᠬᠦ ᠲᠥᠷᠥᠯ ᠵᠦᠢᠯ ᠵᠢᠴᠢ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠬᠡᠪᠴᠢᠶ᠎ᠡ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠬᠡᠲᠦᠷᠡᠭᠰᠡᠨ ᠡᠮ ᠡᠮᠨᠡᠯᠭᠡ ᠶᠢᠨ ᠵᠠᠷᠤᠳᠠᠯ ᠳᠤ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠲᠣᠭᠠᠴᠠᠭ᠎ᠠ ᠬᠢᠵᠦ ᠥᠭᠬᠦ ᠦᠭᠡᠶ᠃    ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠵᠠᠷᠤᠳᠠᠯ ᠳᠤ ᠳᠠᠷᠤᠶ ᠳᠤ ᠨᠢ ᠳ᠋ᠦᠩᠨᠡᠨ ᠪᠤᠳᠤᠬᠤ ᠶᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠴᠡᠭ ᠳᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠡᠮᠴᠢᠯᠡᠭᠡᠨ ᠤ ᠪᠠᠲᠤᠯᠠᠭ᠎ᠠ ᠶᠢᠨ ᠡᠯᠧᠺᠲᠷᠣᠨ ᠭᠡᠷᠡᠴᠢ ᠪᠠᠷᠢᠮᠲᠠ᠂ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠬᠦᠴᠦᠨ ᠪᠥᠬᠦᠶ ᠭᠡᠷᠡᠴᠢ ᠪᠠᠷᠢᠮᠲᠠ ᠶᠢ ᠬᠡᠷᠡᠭᠯᠡᠨ ᠰᠢᠭᠤᠳ ᠳ᠋ᠦᠩᠨᠡᠨ ᠪᠤᠳᠤᠵᠤ᠂ ᠬᠤᠪᠢ ᠬᠥᠮᠦᠨ ᠤ ᠥᠪᠡᠰᠦᠪᠡᠨ ᠡᠭᠦᠷᠭᠡᠯᠡᠬᠦ ᠬᠡᠰᠡᠭ ᠢ ᠬᠤᠪᠢ ᠬᠥᠮᠦᠨ ᠤ ᠲᠠᠩᠰᠠᠨ ᠳᠤ ᠪᠠᠶᠢᠭ᠎ᠠ ᠪᠠᠯᠠ ᠮᠥᠩᠭᠦ ᠪᠤᠶᠤ ᠪᠡᠯᠡᠨ ᠵᠣᠭᠤᠰ ᠢᠶᠠᠷ ᠥᠭᠴᠦ᠂ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ ᠶᠢᠨ ᠥᠭᠬᠦ ᠬᠡᠰᠡᠭ ᠢ ᠴᠡᠭ ᠳᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠠᠴᠠ ᠳᠠᠩᠰᠠᠯᠠᠨ ᠲᠡᠮᠳᠡᠭᠯᠡᠵᠦ ᠂ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠤᠨ ᠪᠣᠳᠤᠨ᠎ᠠ᠃ ᠴᠡᠭ ᠳᠣᠭᠲᠠᠭᠠᠭᠰᠠᠨ ᠦᠭᠡᠢ ᠡᠮ ᠡᠮᠨᠡᠯᠭᠡ ᠶᠢᠨ ᠪᠠᠶᠢᠭᠤᠯᠤᠮᠵᠢ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠵᠠᠷᠤᠴᠠᠭᠤᠯᠤᠭᠰᠠᠨ ᠵᠠᠷᠤᠳᠠᠯ ᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠲᠣᠭᠠᠴᠠᠭ᠎ᠠ ᠬᠢᠵᠦ ᠥᠭᠬᠦ ᠥᠬᠡᠶ᠃    ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠵᠦᠢᠯ ᠯᠦᠭᠡ ᠬᠤᠯᠪᠣᠭᠳᠠᠬᠤ ᠡᠮ ᠤᠨ ᠵᠦᠢᠯ ᠢ ᠪᠠᠶᠢᠴᠠᠭᠠᠵᠤ ᠰᠢᠨᠵᠢᠯᠡᠨ ᠰᠢᠯᠭᠠᠬᠤ᠂ ᠡᠮᠨᠡᠨ ᠵᠠᠰᠠᠬᠤ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠵᠠᠷᠤᠳᠠᠯ ᠢ ᠡᠪᠡᠳᠴᠢᠨ ᠤ ᠵᠦᠢᠯ ᠤᠨ ᠳᠣᠭᠲᠠᠭᠠᠭᠰᠠᠨ ᠨᠣᠷᠮ᠎ᠠ ᠪᠠᠷᠢᠮᠵᠢᠶ᠎ᠠ ᠪᠠᠷ ᠥᠭᠬᠦ ᠬᠠᠷᠢᠴᠠᠯ ᠤᠨ ᠶᠣᠰᠣᠭᠠᠷ ᠥᠭᠭᠦᠨ᠎ᠡ᠃ ᠪᠠᠶᠢᠴᠠᠭᠠᠵᠤ ᠰᠢᠨᠵᠢᠯᠡᠨ ᠰᠢᠯᠭᠠᠬᠤ ᠵᠠᠷᠤᠳᠠᠯ ᠢ ᠳᠠᠭᠠᠳᠬᠠᠯ ᠳᠤ ᠣᠷᠣᠯᠴᠠᠭᠰᠠᠳ ᠡᠮᠨᠡᠭᠦᠯᠦᠭᠰᠡᠨ ᠰᠠᠭᠤᠷᠢᠨ ᠳᠡᠭᠡᠷ᠎ᠡ᠂ ᠡᠪᠡᠳᠴᠢᠨ ᠤ ᠲᠥᠷᠥᠯ ᠢ ᠮᠠᠭᠠᠳᠯᠠᠨ ᠳᠣᠭᠲᠠᠭᠠᠭᠰᠠᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠲᠠᠩᠰᠠ ᠴᠠᠶᠢᠷᠠᠭᠤᠯᠬᠤ ᠬᠡᠷᠡᠭᠲᠡᠶ᠃    ︵ ᠵᠢᠷᠭᠤᠭ᠎ᠠ︶ ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠴᠡᠭ ᠲᠣᠭᠲᠠᠭᠠᠭᠰᠠᠨ ᠡᠯ᠎ᠡ ᠡᠮ ᠡᠮᠨᠡᠯᠭᠡ ᠶᠢᠨ ᠪᠠᠶᠢᠭᠤᠯᠤᠮᠵᠢ ᠠᠴᠠ ᠦᠢᠯᠡᠴᠢᠯᠡᠭᠡᠨ ᠤ ᠬᠡᠯᠡᠯᠴᠡᠭᠡᠷ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ᠂ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠳᠠᠭᠠᠳᠬᠠᠯ ᠳᠤ ᠣᠷᠣᠯᠴᠠᠭᠰᠠᠳ ᠲᠤ ᠦᠨᠡᠨ ᠬᠦ ᠴᠢᠨᠠᠷ ᠰᠠᠶᠢᠲᠠᠶ ᠦᠢᠯᠡᠴᠢᠯᠡᠭᠡ ᠬᠠᠩᠭᠠᠨ᠎ᠠ᠃ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠳᠠᠭᠠᠳᠬᠠᠯ ᠳᠤ ᠣᠷᠣᠯᠴᠠᠭᠰᠠᠳ ᠲᠤ ᠲᠥᠷᠥᠯ ᠵᠦᠢᠯ ᠤᠨ ᠨᠡᠷᠡᠶᠢᠳᠦᠯ᠂ ᠬᠡᠪ ᠪᠠᠷᠢᠮᠵᠢᠶ᠎ᠠ᠂ ᠡᠮ ᠤᠨ ᠬᠡᠮᠵᠢᠶ᠎ᠡ᠂ ᠦᠨ᠎ᠡ ᠬᠠᠩᠰᠢ ᠵᠡᠷᠭᠡ ᠮᠡᠳᠡᠭᠡ ᠵᠠᠩᠭᠢ ᠶᠢ ᠪᠠᠭᠲᠠᠭᠠᠭᠰᠠᠨ ᠡᠮ ᠤᠨ ᠡᠬᠡ ᠲᠠᠩᠰᠠ ᠶᠢ ᠪᠠᠶᠢᠭᠤᠯᠤᠨ ᠥᠭᠴᠦ᠂ ᠡᠮ ᠬᠤᠳᠠᠯᠳᠤᠨ ᠠᠪᠤᠭᠰᠠᠨ ᠤ ᠳᠠᠷᠠᠭ᠎ᠠ ᠲᠣᠰ ᠬᠥᠮᠦᠨ ᠪᠤᠶᠤ ᠬᠡᠷ ᠪᠦᠯᠢ ᠶᠢᠨ ᠬᠢᠨ ᠢᠶᠠᠷ ᠭᠠᠷ ᠤᠨ ᠥᠰᠥᠭ ᠵᠢᠷᠤᠭᠤᠯᠤᠨ ᠨᠣᠲᠠᠯᠠᠭᠤᠯᠵᠤ᠂ ᠡᠬᠡ ᠲᠠᠩᠰᠠ ᠶᠢ ᠥᠨᠢᠳᠡ ᠬᠠᠳᠠᠭᠠᠯᠠᠨ᠎ᠠ᠃ ᠡᠯᠧᠺᠲᠷᠣᠨ ᠡᠬᠡ ᠲᠠᠩᠰᠠ ᠪᠠᠶᠢᠭᠤᠯᠬᠤ ᠶᠢᠨ ᠠᠷᠭ᠎ᠠ ᠥᠬᠡᠶ ᠪᠣᠯ ᠪᠢᠴᠢᠭ ᠤᠨ ᠡᠬᠡ ᠲᠠᠩᠰᠠ ᠪᠠᠶᠢᠭᠤᠯᠤᠨ᠎ᠠ᠃ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠠᠴᠠ ᠡᠮᠨᠡᠯᠭᠡ ᠶᠢᠨ ᠠᠵᠢᠯᠲᠠᠳ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠤᠷᠤᠯᠴᠠᠭᠤᠯᠵᠤ᠂ ᠬᠢᠨᠠᠨ ᠳᠣᠭᠲᠠᠭᠠᠬᠤ ᠬᠠᠷᠢᠭᠤᠴᠠᠯᠭᠠᠲᠤ ᠡᠮᠴᠢ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ ᠬᠡᠪᠴᠢᠶ᠎ᠡ᠂ ᠪᠠᠷᠢᠮᠵᠢᠶ᠎ᠠ ᠵᠢᠴᠢ ᠭᠦᠢᠴᠡᠳᠭᠡᠬᠦ ᠳᠡᠰ ᠳᠠᠷᠠᠭᠠᠯᠠᠯ ᠢ ᠡᠵᠡᠮᠰᠢᠬᠦ ᠬᠡᠷᠡᠭᠲᠡᠶ᠃ ᠬᠢᠨᠠᠨ ᠳᠣᠭᠲᠠᠭᠠᠬᠤ ᠬᠠᠷᠢᠭᠤᠴᠠᠯᠭᠠᠲᠤ ᠡᠮᠴᠢ ᠮᠡᠳᠡᠭᠦᠯᠦᠭᠰᠡᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ᠂ ᠡᠮ ᠤᠨ ᠵᠦᠢᠯ ᠤᠨ ᠲᠣᠳᠣᠷᠬᠠᠶᠢᠯᠠᠯᠲᠠ ᠶᠢᠨ ᠪᠢᠴᠢᠭ ᠪᠣᠯᠤᠨ ᠤᠯᠤᠰ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠣᠯᠤᠨ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠤᠨ ᠬᠢᠵᠠᠭᠠᠷᠯᠠᠨ ᠲᠣᠭᠲᠠᠭᠠᠭᠰᠠᠨ ᠬᠡᠷᠡᠭᠯᠡᠬᠦ ᠨᠥᠬᠦᠴᠡᠯ ᠤᠨ ᠶᠣᠰᠣᠭᠠᠷ ᠡᠮ ᠬᠡᠷᠡᠭᠯᠡᠬᠦ ᠲᠥᠰᠦᠯ ᠢᠶᠠᠨ ᠲᠣᠭᠲᠠᠭᠠᠬᠤ ᠶᠢᠨ ᠬᠠᠮᠲᠤ ᠬᠢᠨᠠᠭᠰᠠᠨ ᠦᠷ᠎ᠡ ᠳ᠋ᠦᠩ ᠪᠣᠯᠤᠨ ᠡᠮ ᠬᠡᠷᠡᠭᠯᠡᠬᠦ ᠲᠥᠰᠦᠯ ᠤᠨ ᠪᠦᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃    ︵ᠳᠣᠯᠤᠭ᠎ᠠ︶ ᠭᠦᠢᠴᠡᠳᠭᠡᠬᠦ ᠴᠠᠭ᠃ ︽ᠬᠠᠮᠢᠶᠠᠷᠤᠯᠲᠠ ᠶᠢᠨ ᠠᠷᠭ᠎ᠠ︾ ᠶᠢ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠲᠣᠰ ᠠᠷᠭ᠎ᠠ ᠲᠠᠢ ᠨᠡᠶᠢᠴᠡᠬᠦ ᠥᠬᠡᠶ ᠶᠢ ᠲᠣᠰ ᠠᠷᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠠᠴᠠ ᠠᠰ ᠲᠤ ᠨᠢ ᠰᠢᠨ᠎ᠡ ᠲᠣᠭᠲᠠᠭᠠᠯ ᠲᠠᠢ ᠪᠣᠯ᠂ ᠲᠡᠷᠡ ᠬᠦ ᠲᠣᠭᠲᠠᠭᠠᠯ ᠢ ᠬᠡᠷᠡᠭᠵᠢᠭᠦᠯᠦᠨ᠎ᠡ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号