ᠤᠯᠤᠰ ᠤᠨ ᠡᠮᠴᠢᠯᠡᠭᠡᠨ ᠤ ᠳᠠᠭᠠᠳᠬᠠᠯ᠂ ᠡᠳ᠋ ᠤᠨ ᠵᠠᠰᠠᠭ ᠤᠨ ᠶᠠᠮᠤᠨ ᠤ ᠦᠨᠳᠦᠰᠦᠨ ᠡᠮᠨᠡᠯᠭᠡ ᠶᠢᠨ | ᠳᠠᠭᠠᠳᠬᠠᠯ ᠤᠨ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠡᠮᠴᠢᠯᠡᠭᠡᠨ ᠤ ᠳᠠᠭᠠᠳᠬᠠᠯ ᠲᠠᠷᠬᠠᠭᠠᠭᠰᠠᠨ | ﹇ 2022 ﹈ 22 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ | ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ | ᠶᠢᠨ ᠬᠤᠪᠢᠶᠠᠷᠢ ᠰᠢᠰᠲ᠋ᠧᠮ ᠢ 2023 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ ᠤᠨ 10 ᠴᠠᠭ ᠠᠴᠠ | 2023 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ ᠤᠨ 24 ᠴᠠᠭ ᠪᠣᠯᠲᠠᠯ᠎ᠠ ᠲᠦᠷ ᠵᠣᠭᠰᠣᠭᠠᠵᠤ ᠲᠠᠰ | ᠳᠡᠪᠰᠢᠭᠦᠯᠦᠨ᠎ᠡ᠃ ᠰᠢᠰᠲ᠋ᠧᠮ ᠤᠨ ᠲᠠᠰ ᠳᠡᠪᠰᠢᠬᠦ ᠬᠤᠭᠤᠴᠠᠭᠠᠨ ᠳᠤ ᠮᠤᠵᠢ ᠠᠯᠤᠰᠯᠠᠭᠰᠠᠨ ᠵᠢᠴᠢ ᠣᠷᠣᠨ ᠤ | ᠳᠣᠲᠣᠷᠠᠬᠢ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠪᠣᠶ ᠪᠥᠬᠦᠶ | ᠲᠤᠬᠠᠶᠢᠯᠠᠭᠰᠠᠨ ᠠᠵᠢᠯ ᠢ ᠲᠦᠷ ᠵᠣᠭᠰᠣᠭᠠᠨ᠎ᠠ᠂ ᠡᠭᠦᠨ ᠳᠤ ᠡᠮᠨᠡᠯᠭᠡ ᠳᠤ ᠰᠠᠭᠤᠭᠰᠠᠨ᠂ ᠡᠩ ᠤᠨ ᠡᠭᠦᠳᠡᠨ | ᠡᠮᠨᠡᠯᠭᠡ ᠪᠠ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠴᠢᠨᠠᠷᠲᠠᠶ ᠡᠪᠡᠳᠴᠢᠨ ᠤ ᠵᠠᠷᠤᠳᠠᠯ ᠢ ᠰᠢᠭᠤᠳ | ᠳ᠋ᠦᠩᠨᠡᠨ ᠪᠤᠳᠤᠬᠤ ᠵᠢᠴᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠶᠯᠡᠴᠢᠯᠡᠭᠡᠨ ᠤ ᠲᠠᠪᠴᠠᠩ ᠤᠨ | ᠣᠨᠳᠣᠤ ᠭᠠᠵᠠᠷ ᠲᠤ ᠡᠮᠨᠡᠭᠦᠯᠦᠭᠰᠡᠨ ᠢ ᠳᠠᠩᠰᠠᠯᠠᠬᠤ ᠦᠶᠯᠡᠴᠢᠯᠡᠭᠡ ᠵᠡᠷᠭᠡ ᠪᠠᠭᠲᠠᠨ᠎ᠠ᠃ ᠰᠢᠰᠲ᠋ᠧᠮ ᠤᠨ ᠲᠠᠰ | ᠳᠡᠪᠰᠢᠬᠦ ᠬᠤᠭᠤᠴᠠᠭᠠᠨ ᠳᠤ ᠰᠢᠭᠤᠳ ᠳ᠋ᠦᠩᠨᠡᠨ ᠪᠤᠳᠤᠬᠤ ᠶᠢᠨ ᠠᠷᠭ᠎ᠠ ᠥᠬᠡᠶ ᠳᠤ ᠂ ᠬᠠᠮᠢᠶ᠎ᠠ ᠪᠥᠬᠦᠶ ᠡᠮᠴᠢᠯᠡᠭᠡᠨ | ᠤ ᠵᠠᠷᠤᠳᠠᠯ ᠢ ᠳᠠᠭᠠᠳᠬᠠᠯ ᠳᠤ ᠣᠷᠣᠯᠴᠠᠭᠰᠠᠨ ᠭᠠᠵᠠᠷ ᠤᠨ ᠭᠠᠷᠲᠠᠨ ᠭᠦᠢᠴᠡᠳᠬᠡᠭᠰᠡᠨ ᠪᠠᠶᠢᠭᠤᠯᠤᠮᠵᠢ ᠠᠴᠠ | ᠳᠠᠭᠠᠳᠬᠠᠯ ᠳᠤ ᠣᠷᠣᠯᠴᠠᠭᠰᠠᠨ ᠭᠠᠵᠠᠷ ᠤᠨ ᠲᠣᠭᠲᠠᠭᠠᠯ ᠶᠣᠰᠣᠭᠠᠷ ᠳᠠᠭᠠᠳᠬᠠᠯ ᠳᠤ ᠣᠷᠣᠯᠴᠠᠭᠰᠠᠳ ᠲᠤ | ᠬᠥᠯᠥᠰᠦᠯᠡᠨ ᠲᠠᠩᠰᠠ ᠲᠠᠶᠢᠯᠬᠤ ᠶᠢ ᠭᠦᠶᠴᠡᠳᠬᠡᠵᠦ ᠥᠭᠭᠦᠨ᠎ᠡ᠃ | ᠲᠣᠰ ᠤᠳᠠᠭᠠᠨ ᠤ ᠰᠢᠰᠲ᠋ᠧᠮ ᠤᠨ ᠠᠵᠢᠯᠯᠠᠭ᠎ᠠ ᠵᠣᠭᠰᠣᠭᠠᠵᠤ ᠳᠡᠰ ᠳᠡᠪᠰᠢᠭᠦᠯᠬᠦ ᠶᠢᠨ ᠠᠪᠴᠢᠷᠠᠭᠰᠠᠨ | ᠨᠥᠯᠥᠭᠡ ᠪᠠ ᠶᠠᠷᠰᠢᠭ ᠲᠦᠪᠡᠭ ᠢ ᠠᠭᠤᠴᠢᠯᠠᠬᠤ ᠪᠤᠯᠪᠠᠤ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | 2023 ᠣᠨ ᠤ1 ᠳ᠋ᠦ᠋ᠭᠡᠷ ᠰᠠᠷ᠎ᠠ ᠶᠢᠨ10 ᠤ ᠡᠳᠦᠷ | |