ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ 2023 ᠣᠨ ᠤ ᠪᠥᠬᠦ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/20
   2023 ᠣᠨ ᠤ 1 ᠳ᠋ᠤᠭᠡᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ᠂ ︽ᠬᠤᠶᠠᠷ ᠬᠤᠷᠠᠯ︾ ᠪᠠ ᠪᠥᠬᠦ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2022 ᠣᠨ ᠪᠠ ᠣᠶᠢᠷ᠎ᠠ ᠶᠢᠨ ᠲᠠᠪᠤᠨ ᠵᠢᠯ ᠤᠨ ᠡᠮᠴᠢᠯᠡᠭᠡ ᠶᠢᠨ ᠪᠠᠳᠤᠯᠠᠭ᠎ᠠ ᠶᠢᠨ ᠠᠵᠢᠯ ᠢ ᠳ᠋ᠦᠩᠨᠡᠵᠦ᠂ 2023 ᠣᠨ ᠤ ᠡᠮᠴᠢᠯᠡᠭᠡ ᠶᠢᠨ ᠪᠠᠳᠤᠯᠠᠭ᠎ᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨ ᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠪᠴᠢᠶ᠎ᠠ ᠶᠢᠨ ᠳᠡᠳ᠋ ᠳᠠᠷᠤᠭ᠎ᠠ ᠬᠤᠸ ᠮᠧᠩ ᠬᠤᠷᠠᠯ ᠡᠷᠭᠢᠯᠡᠵᠦ᠂ ᠲᠣᠪᠴᠢᠶ᠎ᠠ ᠶᠢᠨ ᠪᠤᠰᠤᠳ ᠤᠳᠤᠷᠢᠳᠤᠯᠭ᠎ᠠ ᠬᠤᠷᠠᠯ ᠳᠤ ᠣᠷᠣᠯᠴᠠᠵᠠᠢ᠃   ᠬᠤᠷᠠᠯ ᠠᠴᠠ᠂ 2018 ᠣᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠰᠢᠢᠳᠪᠦᠷᠢ ᠭᠠᠷᠭᠠᠵᠦ᠂ ᠳᠡᠭᠡᠷ᠎ᠡ ᠠᠴᠠ ᠳᠣᠷᠣᠭᠰᠢ ᠪᠠᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠪᠠᠶᠢᠭᠤᠯᠬᠤ ᠪᠠᠷ ᠲᠤᠭᠳᠠᠵᠠᠢ᠃ ᠥᠩᠭᠡᠷᠡᠭᠰᠡᠨ ᠲᠠᠪᠤᠨ ᠵᠢᠯ ᠳᠤ᠂ ᠪᠦᠬᠦ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠰᠢᠰᠲ᠋ᠧᠮ ᠤᠨ ᠬᠢᠨ ᠢᠮᠠᠭᠲᠠ ᠰᠢ ᠶᠢᠨ ᠫᠢᠩ ᠶᠡᠷᠦᠩᠬᠡᠢ ᠱᠦᠵᠢ ᠶᠢᠨ ᠲᠠᠭᠠᠯᠭᠠᠭᠰᠠᠨ ︽ᠪᠦᠬᠦ ᠠᠷᠠᠳ ᠲᠦᠮᠡᠨ ᠤ ᠡᠪᠡᠳᠴᠢᠨ ᠡᠮᠭᠡᠭ ᠡᠮᠴᠢᠯᠡᠭᠡ ᠶᠢᠨ ᠬᠤᠶᠢᠰᠢᠳᠠ ᠶᠢᠨ ᠵᠣᠪᠠᠨᠢᠯ ᠢ ᠠᠷᠢᠯᠭᠠᠨ᠎ᠠ︾ ᠭᠡᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠨᠠᠩ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠦᠷᠢᠮ ᠤᠨ ᠠᠵᠢᠯᠯᠠᠭᠠᠨ ᠢ ᠨᠠᠩ ᠠᠮᠤᠷ ᠲᠦᠪᠰᠢᠨ ᠪᠥᠭᠡᠳ ᠯᠠᠪᠳᠠᠭᠤᠨ ᠲᠣᠭᠲᠠᠭᠤᠨ ᠪᠣᠯᠭᠠᠵᠤ᠂ ᠥᠭᠡᠷᠡᠴᠢᠯᠡᠯᠲᠡ ᠳᠤ ᠲᠣᠪᠣᠶᠢᠮ᠎ᠠ ᠦᠷ᠎ᠡ ᠪᠦᠲᠦᠮᠵᠢ ᠣᠯᠵᠤ᠂ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠣᠯᠠᠨ ᠲᠦᠮᠡᠨ ᠤ ᠡᠮᠴᠢᠯᠡᠭᠡ ᠶᠢᠨ ᠪᠠᠳᠤᠯᠠᠭ᠎ᠠ ᠶᠢᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠭᠡᠵᠦ ᠵᠢᠭᠠᠨ ᠭᠠᠷᠭᠠᠪᠠ᠃   2022 ᠣᠨ ᠳᠤ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠨ ᠤ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠪᠠ︔ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠪᠡ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠪᠠᠬᠢᠵᠢᠭᠦᠯᠵᠦ᠂ ᠣᠷᠣᠯᠭ᠎ᠠ ᠪᠠᠭᠠᠲᠠᠢ ᠬᠥᠮᠥᠨ ᠠᠮᠠ ᠶᠢᠨ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠳᠤᠯᠠᠪᠠ︔ ᠠᠵᠢᠯᠲᠠᠨ ᠠᠵᠢᠯᠴᠢᠨ ᠤ ᠡᠮᠴᠢᠯᠡᠭᠡ ᠶᠢᠨ ᠪᠠᠳᠤᠯᠠᠭ᠎ᠠ ᠶᠢᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠲᠦᠷᠢᠮ ᠢ ᠨᠢᠭᠡᠳᠦᠯᠳᠡᠢ ᠬᠡᠷᠡᠭᠵᠢᠭᠦᠯᠪᠡ︔ ᠤᠯᠤᠰ᠂ ᠮᠤᠵᠢ ᠶᠢᠨ ᠬᠤᠭᠤᠷᠣᠨᠳᠣᠬᠢ ᠬᠤᠯᠪᠣᠭ᠎ᠠ ᠪᠠ ᠥᠪᠡᠷᠲᠡᠭᠡᠨ ᠵᠠᠰᠠᠬᠤ ᠣᠷᠣᠨ ᠤ ᠲᠦᠷᠦᠭᠦᠯᠡᠨ ᠥᠷᠨᠢᠭᠦᠯᠦᠭᠰᠡᠨ ᠡᠮ ᠤᠨ ᠵᠦᠢᠯ᠂ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠳᠤᠮᠳᠠ ᠠᠴᠠ ᠰᠤᠩᠭᠤᠭᠳᠠᠭᠰᠠᠨ ᠦᠷ᠎ᠡ ᠳ᠋ᠦᠩ ᠢ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠨᠡᠶᠢᠲᠡ 508 ᠵᠦᠢᠯ᠂ ᠬᠤᠷᠣᠭᠳᠠᠯ ᠮᠠᠲ᠋ᠧᠷᠢᠶᠠᠯ 38 ᠲᠥᠷᠥᠯ ᠳᠤ ᠬᠦᠷᠴᠦ᠂ ᠳᠤᠮᠳᠠᠴᠢ ᠪᠠᠷ 60% ᠠᠴᠠ ᠳᠡᠭᠡᠭᠰᠢ ᠪᠠᠭᠤᠷᠠᠪᠠ︔ ᠣᠯᠠᠨ ᠡᠰᠢᠲᠦ ᠨᠡᠶᠢᠯᠡᠮᠡᠯ ᠮᠠᠶ᠋ᠢᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠬᠡᠷᠡᠭᠵᠢᠭᠦᠯᠵᠦ᠂ ᠡᠮᠨᠡᠯᠭᠡ ᠳᠤ ᠰᠠᠭᠤᠬᠤ DRG/DIP ᠶᠢᠨ ᠲᠣᠭᠠᠴᠠᠭ᠎ᠠ ᠬᠢᠬᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠤᠯᠤᠰ ᠤᠨ ᠰᠣᠯᠪᠢᠴᠠᠨ ᠦᠨᠡᠯᠡᠯᠳᠡ ᠳᠤ ᠳᠥᠷᠪᠡᠳᠦᠭᠡᠷ ᠲᠤ ᠵᠢᠭᠰᠠᠭᠠᠭᠳᠠᠪᠠ︔ ᠠᠮᠠᠨ ᠬᠥᠨᠳᠡᠢ ᠶᠢᠨ ᠰᠢᠳᠦ ᠰᠠᠭᠤᠯᠭᠠᠬᠤ ᠡᠮᠴᠢᠯᠡᠭᠡᠨ ᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠤᠰᠬᠠᠢ ᠵᠠᠰᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠭᠴᠠ ᠰᠢᠳᠦ ᠰᠠᠭᠤᠯᠭᠠᠬᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠳᠤ ᠪᠥᠬᠦ ᠶᠠᠪᠤᠴᠠ ᠶᠢᠨ ᠲᠣᠬᠢᠷᠠᠭᠤᠯᠤᠯ ᠡᠵᠡᠮᠳᠡᠯ ᠬᠢᠪᠡ︔ ᠡᠮᠴᠢᠯᠡᠭᠡ ᠶᠢᠨ ᠪᠠᠳᠤᠯᠠᠭ᠎ᠠ ᠶᠢᠨ ︽ᠬᠤᠣᠰ ᠨᠡᠪᠲᠡᠷᠡᠬᠦ ᠵᠠᠮ︾ ᠤᠨ ᠡᠯᠧᠺᠲᠷᠣᠨ ᠵᠣᠷ ᠤᠨ ᠡᠷᠭᠢᠯᠲᠡ ᠶᠢᠨ ᠳ᠋ᠦᠩᠨᠡᠨ ᠪᠤᠳᠤᠬᠤ ᠲᠤᠷᠰᠢᠯᠲᠠ ᠶᠢ ᠦᠷᠨᠢᠭᠦᠯᠪᠡ︔ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠬᠢᠨᠠᠨ ᠬᠠᠷᠭᠤᠭᠤᠯᠬᠤ ᠰᠢᠰᠲ᠋ᠧᠮ ᠢ ᠡᠬᠢᠯᠡᠭᠦᠯᠵᠦ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ 38 ᠵᠦᠢᠯ ᠤᠨ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ︽ᠨᠢᠭᠡ ᠶᠢ ᠴᠦ ᠰᠤᠯᠠᠷᠠᠭᠤᠯᠬᠤ ᠭᠤᠷᠪᠠ ᠶᠢ ᠬᠠᠰᠤᠵᠤ︾ ᠶᠢ ᠪᠡᠶᠡᠯᠡᠭᠦᠯᠵᠦ᠂ ᠲᠡᠷᠡ ᠳᠠᠷᠤᠢ ᠳᠤᠨᠢ ᠰᠢᠢᠳᠪᠦᠷᠢᠯᠡᠵᠦ ᠳᠠᠭᠤᠰᠬᠠᠬᠤ ᠵᠦᠢᠯᠡᠰ ᠢ 15 ᠪᠣᠯᠭᠠᠨ ᠨᠡᠮᠡᠭᠳᠡᠭᠦᠯᠵᠦ᠂ ︽1+5︾ ᠶᠢᠨ ᠰᠦᠯᠵᠢᠶ᠎ᠡ ᠪᠠᠷ ᠭᠦᠢᠴᠡᠳᠬᠡᠬᠦ ᠵᠠᠭᠪᠤᠷ ᠢ ᠬᠡᠷᠡᠭᠵᠢᠭᠦᠯᠦᠨ᠂ 28 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠴᠥᠮ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ︔ ︽ᠳᠥᠷᠪᠡ ᠶᠢ ᠠᠳᠠᠯᠢᠳᠬᠠᠬᠤ ᠳᠥᠷᠪᠡ ᠶᠢ ᠪᠣᠶᠢᠵᠢᠭᠤᠯᠬᠤ ᠳᠥᠷᠪᠡ ᠶᠢ ᠳᠡᠭᠡᠭᠰᠢᠯᠡᠭᠦᠯᠬᠦ︾ ᠴᠡᠷᠢᠭ ᠪᠣᠯᠪᠠᠰᠤᠷᠠᠭᠤᠯᠬᠤ ᠮᠥᠷᠥᠶᠢᠴᠡᠭᠡᠨ ᠢ ᠥᠷᠨᠢᠭᠦᠯᠵᠦ᠂ ᠠᠵᠢᠯ ᠲᠦᠷᠦᠯ ᠤᠨ ᠰᠤᠷᠳᠠᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ︔ ︽ᠡᠮᠴᠢᠯᠡᠭᠡ ᠪᠠᠩᠬᠢ ᠠᠵᠤ ᠠᠬᠤᠶᠢᠯᠠᠯ︾ ᠤᠨ ᠰᠢᠭᠤᠳ ᠬᠤᠯᠪᠣᠭᠠᠯᠠᠯ ᠢ ᠬᠡᠷᠡᠭᠵᠢᠭᠦᠯᠵᠦ᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠵᠣᠭᠤᠰ ᠪᠤᠴᠠᠭᠠᠬᠤ ᠡᠳᠦᠷ ᠤᠨ ᠲᠤᠭ᠎ᠠ ᠶᠢ 29 ᠡᠳᠦᠷ ᠪᠣᠯᠭᠠᠨ ᠪᠤᠭᠤᠨᠢᠰᠬᠠᠪᠠ︔ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠥᠪᠡᠰᠦᠪᠡᠨ ᠳᠠᠩᠰᠠᠯᠠᠬᠤ ᠠᠵᠢᠯ ᠢ ᠡᠬᠢᠯᠡᠭᠦᠯᠵᠦ᠂ 5 ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠪᠠ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠵᠠᠷᠤᠳᠠᠯ ᠢ ᠮᠤᠵᠢ ᠠᠯᠤᠰᠯᠠᠨ ᠰᠢᠭᠤᠳ ᠲᠠᠰᠤᠯᠤᠨ ᠪᠤᠳᠤᠬᠤ ᠶᠢ ᠪᠡᠶᠡᠯᠡᠭᠦᠯᠪᠡ᠃   ᠬᠤᠷᠠᠯ ᠠᠴᠠ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠪᠥᠬᠦ ᠲᠠᠯ᠎ᠠ ᠪᠠᠷ ᠰᠤᠷᠤᠯᠴᠠᠵᠤ᠂ ᠪᠥᠬᠦ ᠲᠠᠯ᠎ᠠ ᠪᠠᠷ ᠡᠵᠡᠮᠰᠢᠵᠦ᠂ ᠪᠥᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ ᠡᠮᠴᠢᠯᠡᠭᠡ ᠶᠢᠨ ᠪᠠᠳᠤᠯᠠᠭ᠎ᠠ ᠬᠢᠭᠡᠳ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠷᠢᠴᠠᠭ᠎ᠠ ᠶᠢ ᠭᠦᠢᠴᠡᠳ ᠲᠠᠨᠢᠵᠤ᠂ ᠡᠮᠴᠢᠯᠡᠭᠡ ᠶᠢᠨ ᠪᠠᠳᠤᠯᠠᠭ᠎ᠠ ᠶᠢᠨ ︽ᠠᠷᠠᠳ ᠤᠨ ᠠᠮᠢᠳᠤᠷᠠᠯ ᠢ ᠪᠠᠲᠤᠯᠠᠬᠤ︾ ︽ᠠᠵᠤ ᠠᠬᠤᠢ ᠶᠢ ᠠᠬᠢᠭᠤᠯᠬᠤ︾ ᠦᠢᠯᠡᠳᠦᠯ ᠢ ᠨᠢᠭᠡᠳᠦᠯᠲᠡᠢ ᠲᠥᠯᠥᠪᠯᠡᠨ ᠪᠠᠳᠠᠷᠠᠭᠤᠯᠤᠨ᠎ᠠ᠃ ᠡᠮᠴᠢᠯᠡᠭᠡ ᠶᠢᠨ ᠪᠠᠳᠤᠯᠠᠭ᠎ᠠ ᠶᠢᠨ ᠬᠦᠷᠢᠶᠡᠨ ᠳᠠᠬᠢ ᠠᠰᠠᠷᠠᠮᠵᠢ ᠶᠢᠨ ᠦᠵᠡᠯ ᠤᠨ ᠬᠤᠣᠷ ᠬᠥᠨᠥᠭᠡᠯ  ᠢ ᠭᠦᠢᠴᠡᠳ ᠲᠠᠨᠢᠵᠤ᠂ ︽ᠣᠳᠣᠬᠠᠨ ᠤ︾ ᠪᠠ ︽ᠠᠯᠤᠰ ᠬᠡᠳᠦ ᠶᠢᠨ︾ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠨ᠎ᠡ᠃ ᠪᠥᠬᠦ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢ ᠨᠢᠭᠡ ᠬᠥᠯᠭᠡ ᠰᠢᠲᠠᠷ᠎ᠠ ᠪᠠᠷ ᠨᠠᠶᠢᠳᠠᠪᠤᠷᠢᠵᠢᠭᠤᠯᠬᠤ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠨᠢᠭᠡᠳᠬᠡᠬᠦ︾ ᠪᠠ ︽ᠰᠢᠨ᠎ᠡ ᠶᠢ ᠡᠭᠦᠳᠬᠦ︾ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠨ᠎ᠡ᠃ ᠳᠠᠭᠠᠳᠬᠠᠯ ᠳᠤ ᠣᠷᠤᠯᠴᠠᠬᠤ ᠶᠢ ᠪᠠᠶᠢᠯᠳᠤᠬᠤ ᠪᠣᠳᠣᠯᠭ᠎ᠠ ᠶᠢᠨ ᠬᠦᠴᠦᠯᠡᠬᠦ ᠴᠡᠭ ᠪᠣᠯᠭᠠᠵᠤ᠂ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠷ ᠰᠢᠢᠳᠪᠦᠷᠢᠲᠦ ᠢᠯᠠᠯᠲᠠ ᠶᠢ ᠣᠯᠬᠤ ᠵᠠᠩᠭᠢᠯᠠᠭ᠎ᠠ ᠶᠢᠨ ᠴᠡᠭ ᠪᠣᠯᠭᠠᠵᠤ᠂ ᠡᠮ ᠤᠨ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠵᠠᠰᠠᠯᠲᠠ ᠶᠢ ᠠᠬᠢᠭᠤᠯᠬᠤ ᠲᠠᠯ᠎ᠠ ᠪᠠᠷ ᠬᠠᠮᠤᠭ ᠤᠨ ᠶᠡᠭᠡ ᠬᠠᠮᠲᠤ ᠶᠢᠨ ᠲᠠᠨᠢᠯᠲᠠ ᠶᠢᠨ ᠴᠡᠭ᠂ ᠲᠣᠮᠣ ᠳ᠋ᠠᠶᠢᠲ᠋ᠠ ᠶᠢᠨ ᠡᠨᠧᠷᠭᠢ ᠣᠯᠭᠤᠬᠤ ᠴᠢᠬᠤᠯᠠ ᠬᠦᠴᠦᠯᠡᠬᠦ ᠴᠡᠭ ᠪᠣᠯᠭᠠᠵᠤ᠂ ᠡᠮᠴᠢᠯᠡᠭᠡ ᠶᠢᠨ ᠪᠠᠳᠤᠯᠠᠭ᠎ᠠ ᠶᠢᠨ ᠥᠭᠡᠷᠡᠴᠢᠯᠡᠯᠲᠡ ᠬᠥᠭᠵᠢᠯᠲᠡ ᠶᠢ ᠬᠥᠲᠥᠯᠥᠨ ᠲᠠᠭᠠᠭᠭᠤᠯᠤᠨ᠎ᠠ ᠭᠡᠵᠦ ᠴᠢᠬᠤᠯᠠᠴᠢᠯᠠᠪᠠ᠃   ᠬᠤᠷᠠᠯ ᠠᠴᠠ᠂ 2023 ᠣᠨ ᠳᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ ᠭᠡᠵᠦ ᠲᠤᠳᠤᠷᠬᠠᠢ ᠲᠤᠷᠠᠳᠪᠠ᠄ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠨ᠎ᠡ︔ ︽ᠬᠥᠬᠡᠭᠴᠢᠨ ᠲᠥᠷᠥᠯ ᠬᠥᠬᠡᠭᠴᠢᠨ ᠬᠠᠮᠢᠶᠠᠷᠤᠯᠳᠠ︾ ᠶᠢ ᠬᠡᠷᠡᠭᠵᠢᠭᠦᠯᠦᠭᠰᠡᠨ ᠤ ᠳᠠᠷᠠᠭᠠᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠭᠰᠠᠳ ᠢ ᠡᠮᠨᠡᠨ ᠵᠠᠰᠠᠬᠤ ᠵᠠᠷᠤᠳᠠᠯ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠨ᠎ᠡ︔ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠮᠤᠷ ᠲᠦᠪᠰᠢᠨ ᠤ ᠵᠢᠷᠤᠮᠵᠢᠯ ᠤᠨ ᠣᠨ ᠤ ᠠᠵᠢᠯᠯᠠᠭ᠎ᠠ ᠶᠢ ᠥᠷᠨᠢᠭᠦᠯᠵᠦ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠪᠠᠶᠢᠩᠭᠤᠵᠢᠭᠤᠯᠵᠤ᠂ ᠳᠦᠷᠢᠮᠵᠢᠭᠦᠯᠦᠨ ᠠᠬᠢᠭᠤᠯᠵᠤ᠂ ᠪᠥᠬᠦ ᠣᠷᠣᠨ ᠤ ᠲᠥᠪᠯᠡᠷᠡᠭᠦᠯᠦᠨ ᠬᠤᠳᠠᠯᠳᠤᠨ ᠠᠪᠬᠤ ᠶᠢᠨ ᠬᠠᠮᠤᠷᠬᠤ ᠲᠥᠷᠥᠯ ᠵᠦᠢᠯ ᠢ ᠲᠠᠰᠤᠷᠠᠯᠲᠠ ᠦᠭᠡᠢ ᠥᠷᠭᠡᠳᠬᠡᠨ᠎ᠡ︔ DRG/DIP ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠡᠪᠡᠳᠴᠢᠨ ᠤ ᠲᠥᠷᠥᠯ ᠤᠨ ᠲᠣᠬᠢᠷᠠᠭᠤᠯᠤᠯᠲᠠ ᠶᠢᠨ ᠲᠣᠭᠲᠠᠴᠠ ᠶᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠬᠠᠮᠢᠶᠠᠷᠤᠯᠲᠠ ᠬᠡᠷᠡᠭᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠡᠷᠦᠩᠬᠡᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠪᠠ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ︔ ︽15 ᠮᠢᠨᠦ᠋ᠲ︾ ᠤᠨ ᠡᠮᠴᠢᠯᠡᠭᠡ ᠶᠢᠨ ᠪᠠᠳᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠪᠣᠶ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠰᠦᠯᠵᠢᠶᠡᠨ ᠳᠡᠭᠡᠷ᠎ᠡ ᠭᠦᠢᠴᠡᠳᠬᠡᠬᠦ︾ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠴᠢᠳᠠᠪᠤᠷᠢ ᠶᠢ ᠳᠡᠭᠡᠭᠰᠢᠯᠡᠭᠦᠯᠦᠨ᠂ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡ ᠶᠢ ᠵᠢᠷᠤᠮᠵᠢᠭᠤᠯᠵᠤ᠂ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠶᠢ ᠰᠢᠯᠢᠳᠡᠭᠵᠢᠭᠦᠯᠦᠨ᠂ ᠮᠡᠳᠡᠭᠡ ᠵᠠᠩᠭᠢᠵᠢᠯᠲᠠ ᠶᠢᠨ ᠬᠡᠷᠡᠭᠯᠡᠭᠡ ᠶᠢ ᠥᠷᠭᠡᠳᠬᠡᠨ᠎ᠡ︔ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠢ ᠲᠦᠯᠦᠪᠵᠢᠭᠦᠯᠬᠦ ᠶᠢ ᠲᠤᠭᠳᠠᠭᠤᠨ ᠢᠶᠠᠷ ᠲᠦᠯᠬᠢᠨ ᠠᠬᠢᠭᠤᠯᠤᠨ᠎ᠠ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢᠨ ᠴᠡᠭ ᠢ ᠦᠷᠭᠡᠳᠭᠡᠨ᠎ᠡ᠃   ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠤᠭᠳᠠᠭᠠᠭᠰᠠᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠣᠶᠢᠯᠠᠭᠠᠮᠵᠢᠲᠠᠢ ᠰᠡᠳᠬᠢᠬᠦᠢ ᠪᠠᠨ ᠴᠢᠩᠭᠠᠳᠬᠠᠵᠤ᠂ ︽ᠰᠡᠳᠬᠢᠯ ᠵᠢᠷᠦᠬᠡᠨ ᠳᠡᠭᠡᠨ ᠬᠦᠰᠡᠯᠡᠩ ᠲᠠᠢ᠂ ᠮᠥᠷᠥᠨ ᠳᠡᠭᠡᠷ᠎ᠡ ᠪᠠᠨ ᠬᠠᠷᠢᠭᠤᠴᠠᠯᠭ᠎ᠠ ᠲᠠᠢ᠂ ᠪᠡᠶ᠎ᠡ ᠳᠡᠭᠡᠷ᠎ᠡ ᠪᠠᠨ ᠴᠢᠳᠠᠪᠤᠷᠢ ᠲᠠᠢ᠂ ᠬᠥᠯ ᠳᠣᠣᠷ᠎ᠠ ᠪᠠᠨ ᠲᠣᠭᠲᠠᠯ ᠬᠦᠴᠦᠨ ᠲᠠᠢ︾ ᠥᠨᠳᠥᠷ ᠬᠡᠪ ᠪᠣᠯᠪᠠᠰᠤᠷᠠᠯ ᠲᠠᠢ ᠡᠮᠴᠢᠯᠡᠭᠡ ᠶᠢᠨ ᠪᠠᠳᠤᠯᠠᠭ᠎ᠠ ᠶᠢᠨ ᠺᠠᠳ᠋ᠷ ᠤᠨ ᠡᠩᠨᠡᠭᠡ ᠶᠢ ᠬᠦᠴᠦᠯᠡᠨ ᠬᠥᠮᠥᠵᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠵᠠᠯᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠡᠮᠴᠢᠯᠡᠭᠡ ᠶᠢᠨ ᠪᠠᠳᠤᠯᠠᠭ᠎ᠠ ᠶᠢᠨ ᠰᠢᠰᠲ᠋ᠧᠮ ᠤᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ ᠭᠡᠵᠦ ᠴᠢᠬᠤᠯᠠᠴᠢᠯᠠᠪᠠ᠃   ᠬᠤᠷᠠᠯ ᠨᠢ ᠸᠢᠳᠢᠤ᠋ ᠬᠡᠯᠪᠡᠷᠢ ᠪᠠᠷ ᠶᠠᠪᠤᠭᠳᠠᠵᠤ᠂ ᠬᠥᠬᠡᠬᠤᠲᠠ᠂ ᠪᠤᠭᠤᠲᠤ ᠬᠤᠳᠠ᠂ ᠲᠦᠩᠯᠢᠶᠣᠣ ᠬᠤᠳᠠ᠂ ᠤᠯᠠᠭᠠᠨᠬᠠᠳᠠ ᠬᠤᠳᠠ᠂ ᠤᠯᠠᠭᠠᠨᠴᠠᠪ ᠬᠤᠳᠠ᠂ ᠣᠷᠳᠣᠰ ᠬᠤᠳᠠ ᠵᠡᠷᠭᠡ 6 ᠠᠶᠢᠮᠠᠭ ᠬᠤᠳᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠰᠠᠨᠠᠯ ᠰᠤᠯᠢᠯᠴᠠᠬᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠪᠥᠬᠦ ᠺᠠᠳ᠋ᠷ ᠠᠵᠢᠯᠲᠠᠨ ᠠᠵᠢᠯᠴᠢᠨ᠂ ᠬᠠᠷᠢᠶ᠎ᠠ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠠᠶᠢᠮᠠᠭ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠪᠠ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠥᠬᠦᠳ ᠲᠣᠰ ᠲᠣᠰ ᠭᠤᠣᠯ ᠬᠤᠷᠠᠯ ᠤᠨ ᠲᠠᠯᠠᠪᠠᠶ ᠪᠠ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠤᠷᠤᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号