ᠳᠡᠳ᠋ ᠲᠣᠪᠴᠢᠶᠠᠨ ᠳᠠᠷᠤᠭ᠎ᠠ ᠼᠠᠢ ᠬᠤᠩ ᠢᠤᠢ ᠨᠡᠷ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ  ᠶᠢᠨ ᠬᠤᠳᠠᠯᠳᠤᠨ ᠠᠪᠬᠤ ᠲᠥᠪ ᠲᠤ ᠬᠦᠷᠴᠦ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2023/1/30
  2023 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠤ ᠳᠡᠳ᠋ ᠳᠠᠷᠤᠭ᠎ᠠ ᠼᠠᠢ ᠬᠤᠩ ᠢᠤᠢ ᠨᠡᠷ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠲᠤ ᠬᠦᠷᠴᠦ ᠠᠵᠢᠯ  ᠢ ᠵᠢᠯᠣᠭᠤᠳᠪᠠ᠃
1-30-1.jpg
  ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠤᠨ ᠡᠷᠬᠢᠯᠡᠭᠴᠢ ᠯᠢᠦ ᠵᠢᠶᠦ᠋ᠨ 2022 ᠣᠨ ᠤ ᠭᠤᠤᠯ ᠠᠵᠢᠯ ᠢ ᠪᠥᠬᠦ ᠲᠠᠯ᠎ᠠ ᠪᠠᠷ ᠳ᠋ᠦᠩᠨᠡᠵᠦ᠂ 2023 ᠣᠨ ᠤ ᠠᠵᠢᠯ ᠤᠨ ᠲᠥᠯᠥᠪᠯᠡᠭᠡ ᠪᠠᠨ ᠳᠤᠷᠠᠳᠤᠭᠰᠠᠨ ᠤ ᠬᠠᠮᠲᠤ᠂ 1 ᠳ᠋ᠦ᠋ᠭᠡᠷ ᠰᠠᠷ᠎ᠠ ᠶᠢᠨ ᠠᠵᠢᠯ ᠢ ᠪᠡᠶᠡᠯᠡᠭᠦᠯᠦᠭᠰᠡᠨ ᠪᠠᠶᠢᠳᠠᠯ ᠪᠠ 2 ᠳ᠋ᠤᠭᠠᠷ ᠰᠠᠷ᠎ᠠ ᠶᠢᠨ ᠠᠵᠢᠯ ᠤᠨ ᠲᠣᠬᠢᠷᠠᠭᠤᠯᠤᠯᠲᠠ ᠶᠢ ᠬᠠᠷᠢᠭᠤ ᠮᠡᠳᠡᠭᠦᠯᠪᠡ᠃  ᠳᠡᠳ᠋ ᠲᠣᠪᠴᠢᠶᠠᠨ ᠳᠠᠷᠤᠭ᠎ᠠ ᠼᠠᠢ ᠬᠤᠩ ᠢᠤᠢ 2022 ᠣᠨ ᠤ ᠲᠥᠪ ᠤᠨ ᠡᠯ᠎ᠡ ᠵᠦᠶᠯ ᠤᠨ ᠠᠵᠢᠯ ᠢ ᠳᠡᠭᠡᠳᠦ ᠬᠡᠮᠵᠢᠶ᠎ᠡ ᠪᠠᠷ ᠨᠤᠲᠠᠯᠠᠵᠤ᠂ ᠰᠢᠨ᠎ᠡ ᠨᠢᠭᠡ ᠵᠢᠯ ᠳᠤ ︽ᠨᠠᠷᠢᠯᠢᠬᠵᠢᠭᠤᠯᠤᠭᠰᠠᠨ ᠬᠠᠮᠢᠶᠠᠷᠤᠯᠲᠠ︾ ᠪᠠᠷ ᠭᠠᠷᠳᠠᠴᠠ ᠪᠣᠯᠭᠠᠨ᠂ ᠲᠣᠮᠣ ᠳ᠋ᠠᠶᠢᠲ᠋ᠠ ᠪᠠᠷ ᠡᠮ ᠡᠮᠨᠡᠯᠭᠡ ᠶᠢᠨ ᠬᠤᠳᠠᠯᠳᠤᠨ ᠠᠪᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠥᠬᠦ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠠᠵᠢᠯ ᠤᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃
1-3--2.jpg
  ᠢᠷᠡᠭᠡᠳᠦᠶ  ᠳᠤ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠬᠦᠰᠡᠯ ᠡᠷᠡᠮᠡᠯᠵᠡᠯ ᠢᠶᠠᠨ ᠬᠥᠰᠡᠷᠳᠡᠭᠦᠯᠬᠦ ᠥᠬᠡᠶ᠂ ᠠᠵᠢᠯᠴᠢ ᠬᠥᠳᠡᠯᠮᠦᠷᠢ᠂ ᠵᠣᠷᠢᠭ ᠢᠶᠠᠨ ᠬᠤᠪᠢᠷᠠᠭᠤᠯᠬᠤ ᠦᠭᠡᠢ᠂ ᠡᠯ᠎ᠡ ᠵᠦᠶᠯ ᠤᠨ ᠠᠵᠢᠯ ᠢᠶᠠᠨ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠠᠵᠢᠯ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号