ᠬᠤᠪᠢ ᠬᠥᠮᠦᠨ ᠤ ᠲᠠᠩᠰᠠᠨ ᠡᠷᠦᠬᠡ ᠶᠢᠨ ᠪᠡᠯᠡ ᠮᠥᠩᠬᠦ ᠵᠢᠴᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠬᠤᠳᠠᠯ ᠬᠠᠭᠤᠷᠮᠠᠭ ᠢᠶᠠᠷ ᠤᠬᠠᠭᠤᠯᠤᠨ ᠲᠤᠭᠳᠠᠭᠠᠯ ᠠᠴᠠ ᠵᠦᠷᠢᠴᠠᠨ ᠬᠡᠷᠡᠭᠯᠡᠬᠦ ᠶᠢ ᠴᠢᠩᠭ᠎ᠠ ᠬᠤᠷᠢᠭᠯᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2023/12/22
  ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠪᠣᠯ ᠠᠷᠠᠳ ᠣᠯᠠᠨ ᠤ ︽ᠡᠪᠡᠳᠴᠢᠨ ᠦᠵᠡᠭᠦᠯᠬᠦ       ᠵᠣᠭᠤᠰ︾ ︽ᠠᠮᠢ ᠠᠪᠤᠷᠠᠬᠤ ᠵᠣᠭᠤᠰ︾ ᠮᠥᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠣᠢ᠃ ᠣᠶᠢᠷ᠎ᠠ ᠶᠢᠨ ᠬᠤᠭᠤᠴᠠᠭᠠᠨ ᠳᠤ᠂ ᠬᠡᠰᠡᠭ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠵᠣᠷᠢᠭᠤᠳᠠ ᠭᠠᠵᠢᠭᠤᠳᠠᠭᠤᠯᠵᠤ᠂ ᠬᠤᠳᠠᠯ ᠬᠠᠭᠤᠷᠮᠠᠭ ᠢᠶᠠᠷ ᠤᠬᠠᠭᠤᠯᠵᠤ ᠪᠠᠶᠢᠨ᠎ᠠ ᠭᠡᠵᠦ ᠳᠠᠭᠠᠳᠬᠠᠯ ᠳᠤ ᠣᠷᠣᠯᠴᠠᠭᠰᠠᠳ ᠲᠤᠰᠬᠠᠵᠤ ᠪᠠᠶᠢᠯ᠎ᠠ᠂ ᠵᠢᠱᠢᠶᠡᠯᠡᠪᠡᠯ᠄ ︽ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠲᠥᠷᠥ ᠶᠢᠨ ᠪᠣᠳᠣᠯᠭ᠎ᠠ ᠳᠠᠭᠤᠰᠬᠤ ᠭᠡᠵᠦ ᠪᠠᠶᠢᠨ᠎ᠠ᠂ ᠲᠦᠷᠭᠡᠨ ᠵᠠᠷᠤᠬᠤ ᠦᠭᠡᠢ ᠪᠣᠯ ᠪᠠᠶᠢᠬᠤ ᠦᠭᠡᠢ ᠪᠣᠯᠣᠯ᠎ᠠ︾᠂  ᠳᠠᠭᠠᠳᠬᠠᠯ ᠳᠤ ᠣᠷᠣᠯᠴᠠᠭᠰᠠᠳ ᠢ ᠬᠡᠲᠦᠷᠬᠡᠢ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠭᠤᠯᠵᠤ᠂ ᠨᠡᠶᠢᠭᠡᠮ ᠳᠤ ᠮᠠᠭᠤ ᠨᠥᠯᠥᠭᠡ ᠶᠢ ᠪᠣᠢ ᠪᠣᠯᠭᠠᠪᠠ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠵᠤ᠂ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠵᠢᠴᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠬᠤᠳᠠᠯ ᠬᠠᠭᠤᠷᠮᠠᠭ ᠢᠶᠠᠷ ᠤᠬᠠᠭᠤᠯᠤᠨ ᠲᠤᠭᠳᠠᠭᠠᠯ ᠠᠴᠠ ᠵᠦᠷᠢᠴᠡᠨ ᠬᠡᠷᠡᠭᠯᠡᠬᠦ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠪᠠ᠃  ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠡᠭ ᠪᠣᠯᠤᠨ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠤᠨ ᠪᠣᠯᠬᠤ ᠦᠭᠡᠢ ᠵᠦᠢᠯ᠄ ᠳᠠᠭᠠᠳᠬᠠᠯ ᠳᠤ ᠣᠷᠣᠯᠴᠠᠭᠰᠠᠳ ᠢ ᠬᠤᠳᠠᠯ ᠬᠠᠭᠤᠷᠮᠠᠭ ᠤᠬᠠᠭᠤᠯᠭ᠎ᠠ ᠪᠠᠷ ᠬᠥᠲᠥᠯᠥᠨ ᠵᠢᠯᠣᠭᠤᠳᠴᠤ ᠪᠠᠶᠢᠭᠠᠳ ᠬᠡᠲᠦᠷᠡᠲᠡᠯ᠎ᠡ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠭᠤᠯᠬᠤ᠃ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠶᠢ ᠴᠤᠭᠯᠠᠭᠤᠯᠬᠤ᠂ ᠦᠯᠡᠳᠡᠭᠡᠨ ᠠᠪᠬᠤ᠃ ᠱᠠᠩᠨᠠᠯᠲᠣ ᠪᠣᠷᠤᠯᠠᠭᠤᠯᠭ᠎ᠠ᠂ ᠡᠮ ᠪᠣᠶᠤ ᠪᠡᠯᠡᠭ ᠳᠠᠭᠠᠯᠳᠤᠭᠤᠯᠤᠨ ᠬᠦᠷᠭᠡᠬᠦ ᠵᠡᠷᠭᠡ ᠠᠷᠭ᠎ᠠ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠳ ᠢ ᠬᠦᠲᠦᠯᠦᠨ ᠵᠢᠯᠤᠭᠤᠳᠬᠤ ᠪᠠᠶᠢᠭᠠᠳ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠭᠤᠯᠬᠤ᠃ ᠡᠮ ᠡᠮᠨᠡᠯᠭᠡ ᠶᠢᠨ ᠳᠠᠭᠠᠳᠬᠠᠯ ᠤᠨ ᠪᠤᠰᠤ ᠡᠮ ᠤᠨ ᠵᠦᠢᠯ ᠪᠤᠶᠤ ᠪᠤᠰᠤᠳ ᠲᠠᠸᠠᠷ ᠢ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠪᠣᠯᠭᠠᠨ ᠰᠣᠯᠢᠬᠤ᠃ ᠳᠠᠭᠠᠳᠬᠠᠯ ᠳᠤ ᠣᠷᠣᠯᠴᠠᠭᠰᠠᠳ ᠲᠤ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠭᠥᠷᠳᠡᠬᠦ ᠲᠣᠬᠢᠶᠠᠯ ᠢ ᠠᠰᠢᠭᠯᠠᠨ ᠡᠮ ᠤᠨ ᠵᠦᠢᠯ ᠢ ᠰᠢᠯᠵᠢᠭᠦᠯᠦᠨ ᠬᠤᠳᠠᠯᠳᠤᠬᠤ᠂ ᠪᠡᠯᠡᠨ ᠮᠥᠩᠭᠦ᠂ ᠪᠣᠳᠠᠲᠤ ᠶᠠᠭᠤᠮ᠎ᠠ ᠪᠤᠴᠠᠭᠠᠬᠤ ᠶᠢ ᠬᠦᠯᠢᠶᠡᠨ ᠠᠪᠬᠤ ᠪᠤᠶᠤ ᠪᠤᠰᠤᠳ ᠬᠠᠤᠯᠢ ᠪᠤᠰᠤ ᠠᠰᠢᠭ ᠤᠯᠬᠤ ᠳᠤ ᠲᠥᠬᠦᠮ ᠦᠵᠡᠭᠦᠯᠬᠦ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ︽ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠦᠢᠯᠡᠴᠢᠯᠡᠭᠡᠨ ᠤ ᠬᠡᠯᠡᠯᠴᠡᠭᠡᠷ︾ ᠢ ᠵᠥᠷᠢᠴᠡᠵᠦ ᠪᠣᠯᠬᠤ ᠥᠬᠡᠶ᠃  ᠳᠠᠭᠠᠳᠬᠠᠯ ᠳᠤ ᠣᠷᠣᠯᠴᠠᠭᠰᠠᠳ ᠤᠨ ᠪᠣᠯᠬᠤ ᠦᠭᠡᠢ ᠵᠦᠢᠯ᠄ ᠡᠮ ᠡᠮᠨᠡᠯᠭᠡ ᠶᠢᠨ ᠳᠠᠭᠠᠳᠬᠠᠯ ᠤᠨ ᠺᠠᠷᠲ ᠢᠶᠠᠷ ᠠᠮᠢᠳᠤᠷᠠᠯ ᠤᠨ ᠬᠡᠷᠡᠭᠰᠡᠯ᠂ ᠡᠷᠡᠭᠦᠯᠵᠢᠯ ᠤᠨ ᠡᠳ᠋ ᠬᠤᠳᠠᠯᠳᠤᠨ ᠠᠪᠬᠤ᠃ ᠬᠤᠪᠢ ᠬᠦᠮᠦᠨ ᠤ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠪᠠᠨ ᠪᠤᠰᠤᠳ ᠲᠤ ᠥᠭᠴᠦ ᠬᠠᠭᠤᠷᠮᠠᠭᠯᠠᠨ ᠬᠡᠷᠡᠭᠯᠡᠭᠦᠯᠬᠦ᠃ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠭᠥᠷᠳᠡᠬᠦ ᠲᠣᠬᠢᠶᠠᠯ ᠢ ᠠᠰᠢᠭᠯᠠᠨ ᠡᠮ ᠤᠨ ᠵᠦᠢᠯ ᠢ ᠰᠢᠯᠵᠢᠭᠦᠯᠦᠨ ᠬᠤᠳᠠᠯᠳᠤᠬᠤ᠂ ᠪᠡᠯᠡᠨ ᠮᠥᠩᠭᠦ᠂ ᠪᠣᠳᠠᠲᠤ ᠶᠠᠭᠤᠮ᠎ᠠ ᠪᠤᠴᠠᠭᠠᠬᠤ ᠶᠢ ᠬᠦᠯᠢᠶᠡᠨ ᠠᠪᠬᠤ ᠪᠤᠶᠤ ᠪᠤᠰᠤᠳ ᠬᠠᠤᠯᠢ ᠪᠤᠰᠤ ᠠᠰᠢᠭ ᠬᠦᠷᠲᠡᠬᠦ᠃  ᠡᠮᠴᠢᠯᠡᠭᠡᠨ ᠤ ᠪᠠᠲᠤᠯᠠᠭ᠎ᠠ ᠪᠣᠯ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠲᠦᠷᠢᠮ ᠤᠨ ᠲᠤᠬᠢᠷᠠᠭᠤᠯᠤᠯᠳᠠ ᠪᠣᠯᠤᠨ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠨᠢ ᠥᠷᠭᠡᠨ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠲᠠᠢ ᠬᠤᠯᠪᠣᠭᠳᠠᠨ᠎ᠠ᠂ ᠤᠯᠠᠨ ᠢᠶᠠᠷ ᠢᠶᠠᠨ ᠰᠠᠭᠤᠷᠢ ᠮᠥᠩᠭᠦᠨ ᠤ ᠠᠮᠤᠷ ᠲᠦᠪᠰᠢᠨ ᠢ ᠬᠠᠮᠲᠤ ᠪᠠᠷ ᠬᠠᠮᠠᠭᠠᠯᠠᠶ᠎ᠠ᠃ ᠳᠠᠭᠠᠳᠬᠠᠯ ᠳᠤ ᠣᠷᠣᠯᠴᠠᠭᠰᠠᠳ ᠢ ᠬᠤᠳᠠᠯ ᠬᠠᠭᠤᠷᠮᠠᠭ ᠤᠬᠠᠭᠤᠯᠭ᠎ᠠ ᠪᠠᠷ ᠬᠥᠲᠥᠯᠥᠨ ᠵᠢᠯᠣᠭᠤᠳᠴᠤ ᠪᠠᠶᠢᠭᠠᠳ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠵᠢᠴᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠲᠣᠭᠲᠠᠭᠠᠯ ᠠᠴᠠ ᠵᠥᠷᠢᠴᠡᠨ ᠬᠡᠷᠡᠭᠯᠡᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠭᠤᠯᠤᠭᠰᠠᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠢ ᠪᠠᠶᠢᠴᠠᠭᠠᠨ ᠲᠣᠳᠣᠯᠠᠮᠠᠭᠴᠠ ᠴᠢᠩᠭ᠎ᠠ ᠰᠢᠢᠳᠪᠦᠷᠢᠯᠡᠵᠦ᠂ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ        2023 ᠣᠨ ᠤ 12 ᠳ᠋ᠤᠭᠠᠷ ᠰᠠᠷ᠎ᠠ ᠶᠢᠨ 21 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号