ᠣᠳᠣᠬᠠᠨ ᠤ ᠠᠵᠤ ᠠᠬᠤᠢ ᠶᠢᠨ ᠠᠵᠢᠯ ᠤᠨ ᠬᠡᠳᠦᠨ ᠴᠢᠬᠤᠯᠠ ᠶᠡᠭᠡ ᠠᠰᠠᠭᠤᠳᠠᠯ ︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2023/2/16
    2 ᠰᠠᠷ᠎ᠠ ᠶᠢᠨ 16 ᠤ ᠡᠳᠦᠷ ᠬᠡᠪᠯᠡᠭᠳᠡᠭᠰᠡᠨ 4 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ 2022 ᠣᠨ ᠤ 12 ᠰᠠᠷ᠎ᠠ ᠶᠢᠨ 15 ᠤ ᠡᠳᠦᠷ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠨᠢᠭᠡ ᠬᠡᠰᠡᠭ ᠪᠤᠯᠬᠤ ︽ᠣᠳᠣᠬᠠᠨ ᠤ ᠠᠵᠤ ᠠᠬᠤᠢ ᠶᠢᠨ ᠠᠵᠢᠯ ᠤᠨ ᠬᠡᠳᠦᠨ ᠴᠢᠬᠤᠯᠠ ᠶᠡᠭᠡ ᠠᠰᠠᠭᠤᠳᠠᠯ︾ ᠢ ᠨᠡᠶᠢᠲᠡᠯᠡᠪᠡ᠃    ᠵᠣᠬᠢᠶᠠᠯ ᠳᠤ᠂ 2023 ᠣᠨ ᠤ ᠠᠵᠤ ᠠᠬᠤᠢ ᠶᠢᠨ ᠠᠵᠢᠯ ᠮᠢᠩᠭ᠎ᠠ ᠲᠦᠮᠡᠨ ᠵᠦᠢᠯ ᠪᠠᠶᠢᠵᠤ᠂ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠠᠴᠠ ᠡᠭᠦᠰᠴᠦ᠂ ᠭᠤᠣᠯ ᠵᠥᠷᠢᠴᠡᠯ ᠢ ᠠᠳᠬᠤᠵᠤ᠂ ᠨᠡᠶᠢᠭᠡᠮ ᠤᠨ ᠰᠡᠳᠬᠢᠴᠡ ᠶᠢᠨ ᠵᠢᠱᠢᠯᠲᠡ ᠶᠢ ᠰᠠᠶᠢᠵᠢᠷᠠᠭᠤᠯᠬᠤ᠂ ᠬᠥᠭᠵᠢᠯᠲᠡ ᠶᠢᠨ ᠢᠲᠡᠭᠡᠯ ᠢ ᠬᠥᠭᠵᠢᠭᠡᠬᠦ ᠠᠴᠠ ᠭᠠᠷᠳᠠᠵᠤ᠂ ᠴᠢᠬᠤᠯᠠ ᠶᠡᠭᠡ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠥᠲᠥᠯᠪᠦᠷᠢ ᠶᠢ ᠠᠳᠬᠤᠪᠠᠯ ᠠᠯᠢᠪᠠ ᠪᠦᠭᠦᠨ ᠨᠢ ᠳᠠᠭᠠᠯᠳᠤᠨ ᠰᠢᠢᠳᠪᠦᠷᠢᠯᠡᠭᠳᠡᠬᠦ ᠪᠣᠯᠣᠨ᠎ᠠ ᠭᠡᠵᠦ ᠴᠢᠬᠤᠯᠠᠴᠢᠯᠠᠪᠠ᠃    ᠵᠣᠬᠢᠶᠠᠯ ᠳᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠬᠦ ᠬᠡᠷᠡᠭᠲᠡᠢ᠃ ᠶᠡᠷᠦᠩᠬᠡᠢ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠣᠯ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠲᠤᠯᠭᠠᠷᠠᠵᠤ ᠪᠠᠶᠢᠭ᠎ᠠ ᠲᠣᠪᠤᠶᠢᠮ᠎ᠠ ᠵᠥᠷᠢᠴᠡᠯ ᠮᠥᠨ᠃ ᠡᠷᠬᠡᠪᠰᠢ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠨᠡᠶᠢᠭᠡᠮ ᠤᠨ ᠲᠠᠭᠢᠨ ᠦᠢᠯᠡᠳᠪᠦᠷᠢᠯᠡᠯ ᠤᠨ ᠰᠠᠶᠢᠨ ᠣᠷᠴᠢᠯ ᠢ ᠪᠡᠶᠡᠯᠡᠭᠦᠯᠬᠦ ᠬᠡᠷᠡᠭᠲᠡᠢ᠃ ᠲᠦᠷᠤ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠬᠡᠷᠡᠭᠯᠡᠭᠡ ᠶᠢᠨ ᠰᠠᠭᠤᠷᠢ ᠦᠢᠯᠡᠳᠦᠯ ᠪᠣᠯᠣᠨ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ     ᠬᠡᠷᠡᠭᠲᠡᠢ᠃ ᠨᠢᠭᠡ ᠳᠤ᠂ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠬᠤᠶᠠᠷ ᠲᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠳᠠᠮᠵᠢᠭᠤᠯᠤᠨ ᠪᠦᠭᠦ ᠨᠡᠶᠢᠭᠡᠮ ᠤᠨ ᠪᠡᠯᠡ ᠣᠷᠣᠭᠤᠯᠤᠯᠲᠠ ᠶᠢ ᠪᠦᠲᠦᠮᠵᠢᠲᠡᠶ ᠳᠠᠶᠢᠴᠢᠯᠠᠬᠤ ᠬᠡᠷᠡᠭᠲᠡᠢ᠃ ᠭᠠᠳᠠᠭᠠᠳᠤ ᠭᠠᠷᠭᠠᠯᠲᠠ ᠶᠢᠨ ᠠᠵᠤ ᠠᠬᠤᠢ ᠳᠤ ᠦᠵᠡᠭᠦᠯᠭᠦ ᠲᠤᠯᠭᠠᠭᠤᠷᠢᠯᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠠᠷᠠᠯᠵᠢᠶᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠪᠢᠳᠡ ᠳᠣᠲᠣᠷ ᠲᠠᠮᠢᠷ ᠢᠶᠠᠨ ᠰᠠᠶᠢᠲᠤᠷ ᠪᠣᠯᠪᠠᠰᠤᠷᠠᠵᠤ᠂ ᠯᠠᠪᠳᠠᠭᠤᠨ ᠪᠠᠲᠤᠲᠠᠢ ᠵᠣᠬᠰᠣᠬᠤ ᠬᠡᠷᠡᠭᠲᠡᠢ᠃ ᠮᠠᠨ ᠤ ᠤᠯᠤᠰ ᠲᠤ ᠳᠡᠯᠡᠬᠡᠢ ᠳᠡᠭᠡᠷᠡᠬᠢ ᠬᠠᠮᠤᠭ ᠤᠨ ᠪᠦᠷᠢᠨ ᠪᠦᠲᠦᠨ ᠠᠵᠤ ᠦᠢᠯᠡᠰ ᠤᠨ ᠰᠢᠰᠲ᠋ᠧᠮ ᠪᠠ ᠲᠠᠯᠳᠠ ᠬᠦᠴᠦᠨ ᠢᠶᠠᠷ ᠬᠠᠮᠤᠭ ᠤᠨ ᠶᠡᠭᠡ ᠳᠣᠲᠣᠭᠠᠳᠤ ᠬᠡᠷᠡᠭᠴᠡᠭᠡ ᠶᠢᠨ ᠵᠠᠬ᠎ᠠ ᠳᠡᠯᠭᠡᠭᠦᠷ ᠪᠠᠶᠢᠨ᠎ᠠ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠳᠤᠲᠠᠭᠤᠳᠠᠯ ᠢᠶᠠᠨ ᠱᠠᠯᠠᠪᠳᠠᠨ ᠨᠥᠬᠦᠪᠦᠷᠢᠯᠡᠵᠦ᠂ ᠳᠠᠪᠠᠭᠤᠯᠢᠭ ᠲᠠᠯ᠎ᠠ ᠪᠠᠨ ᠪᠤᠯᠪᠠᠰᠤᠷᠠᠭᠤᠯᠬᠤ ᠬᠡᠷᠡᠭᠲᠡᠢ᠃ ᠨᠢᠭᠡ ᠳᠤ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠮᠠᠨ ᠤ ᠤᠯᠤᠰ ᠤᠨ ᠠᠵᠤ ᠠᠬᠤᠢ ᠡᠷᠬᠡᠪᠰᠢ ᠤᠯᠤᠰ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠰᠠᠭᠤᠷᠢ ᠲᠥᠬᠦᠭᠡᠷᠦᠮᠵᠢ᠂ ᠰᠠᠭᠤᠷᠢ ᠠᠵᠤ ᠦᠢᠯᠡᠰ ᠤᠨ ᠶᠡᠷᠦᠩᠬᠡᠢ ᠴᠣᠭᠴᠠ ᠶᠢᠨ ᠬᠡᠪ ᠤᠨ ᠡᠷᠭᠢᠯᠲᠡ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠠᠵᠤ ᠦᠢᠯᠡᠰ ᠤᠨ ᠰᠢᠰᠲ᠋ᠧᠮ ᠤᠨ ᠲᠡᠰ ᠲᠡᠪᠰᠢᠨ ᠭᠦᠭᠵᠢᠭᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠤ ᠤᠷᠢᠳᠴᠢᠯᠠᠨ ᠪᠠᠶᠢᠷᠢᠯᠠᠭᠤᠯᠵᠤ᠂ ᠠᠵᠤ ᠦᠢᠯᠡᠰ ᠤᠨ ᠰᠢᠰᠲ᠋ᠧᠮ ᠤᠨ ᠣᠳᠣᠬᠢᠴᠢᠯᠠᠯᠲᠠ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠬᠢᠵᠢᠭᠦᠯᠬᠦ ᠪᠠᠷ ᠪᠠᠷᠠᠬᠤ ᠦᠭᠡᠢ ᠪᠠᠰᠠ ᠰᠢᠨ᠎ᠡ ᠥᠷᠢᠰᠦᠯᠳᠦᠭᠡᠨ ᠤ ᠳᠠᠪᠠᠭᠤᠯᠢᠭ ᠢ ᠡᠭᠦᠳᠭᠦ ᠬᠡᠷᠡᠭᠲᠡᠢ ᠭᠡᠵᠦ ᠵᠢᠭᠠᠵᠤ ᠭᠠᠷᠭᠠᠪᠠ᠃ ᠵᠣᠬᠢᠶᠠᠯ ᠳᠤ᠂ ︽ᠬᠤᠶᠠᠷ ᠡᠷᠡᠰ ᠭᠤᠶᠢᠪᠢᠰᠢ ᠦᠭᠡᠢ︾ ᠪᠠᠶᠢᠬᠤ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ᠃ ᠪᠢᠳᠡ ᠡᠷᠬᠡᠪᠰᠢ ᠣᠪᠣᠷ ᠢᠶᠠᠨ ᠲᠣᠳᠣᠷᠬᠠᠢ ᠢᠯᠡᠳᠬᠡᠵᠦ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ︽ᠬᠤᠶᠠᠷ ᠡᠷᠡᠰ ᠭᠤᠶᠢᠪᠢᠰᠢ ᠦᠭᠡᠢ︾ ᠪᠠᠶᠢᠬᠤ ᠶᠢ ᠪᠠᠷᠢᠮᠲᠠᠯᠠᠬᠤ ᠬᠡᠷᠡᠭᠲᠡᠢ᠃ ᠨᠢᠭᠡ ᠳᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠬᠤᠶᠠᠷ ᠲᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠢ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠨᠡᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠨ ᠠᠪᠴᠢᠷᠠᠬᠤ ᠪᠠ ᠠᠰᠢᠭᠯᠠᠬᠤ ᠬᠡᠷᠡᠭᠲᠡᠢ᠃ ᠪᠦᠭᠦ ᠪᠥᠮᠪᠥᠷᠴᠡᠭ ᠢ ᠠᠵᠢᠭᠯᠠᠪᠠᠯ᠂ ᠬᠥᠭᠵᠢᠭᠰᠡᠨ ᠤᠯᠤᠰ ᠪᠠ ᠰᠢᠨ᠎ᠡ ᠪᠠᠷ ᠮᠠᠨᠳᠤᠭᠰᠠᠨ ᠠᠵᠤ ᠠᠬᠤᠢ ᠶᠢᠨ ᠴᠣᠭᠴᠠ ᠴᠥᠮ ᠭᠠᠳᠠᠭᠠᠳᠤ ᠪᠡᠯᠡ ᠶᠢ ᠲᠠᠳᠠᠨ ᠠᠪᠴᠢᠷᠠᠬᠤ ᠪᠠ ᠠᠰᠢᠭᠯᠠᠬᠤ ᠶᠢ ᠤᠯᠤᠰ ᠤᠨ ᠴᠢᠬᠤᠯᠠ ᠶᠡᠭᠡ ᠪᠣᠳᠣᠯᠭ᠎ᠠ ᠪᠤᠯᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠤᠯᠠᠨ ᠤᠯᠤᠰ ᠤᠨ ᠥᠷᠢᠰᠦᠯᠳᠦᠭᠡᠨ ᠨᠡᠩ ᠰᠢᠷᠦᠭᠦᠰᠴᠦ ᠪᠠᠶᠢᠨ᠎ᠠ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠮᠠᠨ ᠤ ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠪᠦᠭᠦ ᠪᠥᠮᠪᠥᠷᠴᠡᠭ ᠤᠨ ᠡᠬᠢ ᠪᠠᠶᠠᠯᠢᠭ ᠤᠨ ᠡᠯᠧᠮᠧᠨ᠋ᠲ ᠢ ᠲᠠᠲᠠᠵᠤ᠂ ᠴᠢᠨᠠᠷ ᠰᠠᠶᠢᠲᠠᠢ ᠨᠥᠭᠡᠴᠡ ᠭᠠᠳᠠᠭᠠᠳᠤ ᠪᠡᠯᠡ ᠶᠢ ᠦᠯᠡᠳᠡᠭᠡᠬᠦ ᠪᠥᠭᠡᠳ ᠪᠠᠰᠠ ᠨᠡᠩ ᠤᠯᠠᠨ ᠴᠢᠨᠠᠷ ᠰᠠᠶᠢᠲᠠᠢ ᠭᠠᠳᠠᠭᠠᠳᠤ ᠪᠡᠯᠡ ᠶᠢ ᠲᠠᠲᠠᠨ ᠠᠪᠴᠢᠷᠠᠵᠤ᠂ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠨᠢᠭᠡ ᠳᠤ᠂ ᠵᠠᠬ᠎ᠠ ᠳᠡᠯᠭᠡᠭᠦᠷ ᠲᠤ ᠣᠷᠣᠭᠤᠯᠬᠤ ᠵᠥᠪᠰᠢᠶᠡᠷᠡᠯ ᠤᠨ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠬᠤᠶᠠᠷ ᠲᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠦᠭᠦ ᠲᠠᠯ᠎ᠠ ᠪᠠᠷ ᠰᠢᠯᠢᠳᠡᠭᠵᠢᠭᠦᠯᠬᠦ ᠬᠡᠷᠡᠭᠲᠡᠢ᠃ ᠭᠤᠷᠪᠠ ᠳᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠡᠷᠬᠡᠪᠰᠢ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠬᠤᠯᠠ ᠣᠶᠢᠷ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠢᠭᠡ ᠳᠤ᠂ ᠭᠡᠷ ᠭᠠᠵᠠᠷ ᠤᠨ ᠬᠥᠷᠥᠩᠭᠡ ᠶᠢᠨ ᠦᠢᠯᠡᠰ ᠠᠴᠠ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ ᠶᠢ ᠰᠡᠷᠭᠡᠶᠢᠯᠡᠬᠦ ᠬᠡᠷᠡᠭᠲᠡᠢ᠃ ᠬᠤᠶᠠᠷ ᠲᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ᠃ ᠭᠤᠷᠪᠠ ᠳᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ 2023 ᠣᠨ ᠳᠤ ᠪᠠᠰᠠ ᠮᠠᠰᠢ ᠤᠯᠠᠨ ᠴᠢᠬᠤᠯᠠ ᠠᠵᠢᠯ ᠢ ᠬᠢᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠪᠠᠶᠢᠳᠠᠯ ᠢᠯᠡᠷᠡᠭᠦ ᠶᠢ ᠡᠷᠡᠰ ᠰᠡᠷᠭᠡᠶᠢᠯᠡᠬᠦ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠥᠯᠥᠪᠵᠢᠭᠦᠯᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠣᠷᠣᠨ ᠪᠦᠰᠡ ᠶᠢ ᠵᠣᠬᠢᠴᠠᠩᠭᠤᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号