ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠤᠭᠳᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠤᠯᠠᠮ ᠨᠢᠭᠡ ᠠᠯᠬᠤᠮ ᠥᠷᠭᠡᠳᠬᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/2/17
ᠡᠯ᠎ᠡ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ᠂ ᠡᠯ᠎ᠡ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ᠄   ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 82 ᠳ᠋ᠤᠭᠠᠷ ᠲᠣᠭᠠᠲᠤ︶ ᠪᠠ ︽ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠪᠤᠭᠤᠲᠤ ᠬᠤᠲᠠ ᠶᠢᠨ ᠬᠡᠷᠡᠭᠵᠢᠭᠦᠯᠬᠦ ᠨᠠᠷᠢᠨ ᠳᠦᠷᠢᠮ︾ ︵ᠪᠤᠭᠤᠳᠦ ᠤᠷᠳᠤᠨ ᠠᠯᠪᠠᠨ ᠲᠠᠷᠬᠠᠭᠠᠭᠰᠠᠨ ﹇2022﹈ 99 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠪᠦᠬᠦ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠳᠦᠷ ᠬᠢᠵᠦ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠵᠦ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠦᠢᠯᠡᠴᠢᠯᠡᠭᠡ ᠶᠢ ᠵᠡᠭᠡᠯᠢ ᠭᠤᠳᠤᠮᠵᠢ ︵ᠰᠢᠶᠠᠩ ᠪᠠᠯᠭᠠᠰᠤ︶᠂ ᠨᠡᠶᠢᠭᠡᠮ ᠲᠣᠭᠤᠷᠢᠭ ᠵᠦᠭ ᠤᠯᠠᠮ ᠨᠢᠭᠡ ᠠᠯᠬᠤᠮ ᠥᠷᠭᠡᠳᠬᠡᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠨᠠᠩ ᠲᠥᠬᠦᠮ ᠪᠤᠯᠭᠠᠬᠤ ᠶᠢᠨ ᠲᠦᠯᠦᠭᠡ᠂ ᠪᠥᠬᠦ ᠬᠤᠲᠠ ᠶᠢᠨ ᠨᠢᠭᠡᠳᠦᠭᠡᠷ ᠱᠠᠲᠤᠨ ᠠᠴᠠ ᠳᠡᠭᠡᠭᠰᠢᠬᠢ ᠴᠡᠭ ᠲᠤᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠷᠠᠬᠢ ᠲᠦᠷᠦᠭᠦᠸ ᠪᠦᠯᠦᠭ ᠤᠨ ᠲᠤᠷᠰᠢᠯᠲᠠ ᠳᠤ ᠣᠷᠣᠭᠤᠯᠤᠭᠰᠠᠨ ᠦᠭᠡᠢ ᠵᠢᠴᠢ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠡᠭᠦᠷᠭᠡᠯᠡᠭᠰᠡᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠪᠠ ᠰᠢᠶᠠᠩ ᠪᠠᠯᠭᠠᠰᠤ ︵ᠰᠤᠮᠤ︶ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ 190 ᠶᠢ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠤᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠤᠷᠤᠭᠤᠯᠤᠨ᠎ᠠ᠃ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠬᠦᠴᠦᠨ ᠪᠦᠬᠦᠢ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠤᠶᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠢᠶᠠᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠴᠤ᠂ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠬᠠᠷᠠᠭᠠᠯᠵᠠᠯ ᠢ ᠬᠦᠷᠲᠡᠵᠦ ᠪᠣᠯᠣᠨ᠎ᠠ᠃ ︽ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠡᠭᠦᠳᠡᠨ ᠡᠮᠨᠡᠯᠭᠡ ᠳᠤ ᠣᠷᠣᠭᠤᠯᠤᠨ ᠨᠢᠭᠡᠳᠦᠯᠲᠡᠢ ᠲᠥᠯᠥᠪᠯᠡᠨ ᠬᠠᠮᠢᠶᠠᠷᠬᠤ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠨᠥᠬᠦᠴᠡᠯ ᠳᠤ ᠨᠡᠶᠢᠴᠡᠬᠦ ᠪᠤᠰᠤᠳ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ᠂ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠣᠭᠲᠠᠭᠠᠭᠰᠠᠨ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠤᠯᠠᠮ ᠨᠢᠭᠡ ᠠᠯᠬᠤᠮ ᠲᠥᠬᠦᠮ ᠦᠵᠡᠭᠦᠯᠦᠨ᠎ᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄   ᠨᠢᠭᠡ᠂ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠳᠣᠣᠷᠠᠬᠢ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ   ︵ᠨᠢᠭᠡ︶ ᠮᠠᠨ ᠤ ᠬᠤᠲᠠ ᠶᠢᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠠᠪᠴᠠᠩ ᠤᠨ ᠭᠤᠣᠯᠯᠠᠬᠤ ᠲᠤᠬᠠᠶᠢᠯᠠᠭᠰᠠᠨ ᠠᠵᠢᠯ ᠤᠨ ᠲᠣᠭᠤᠷᠢᠭ ᠤᠨ ᠭᠤᠣᠯᠯᠠᠭᠴᠢ ᠰᠦᠯᠵᠢᠶᠡᠨ ᠳᠤ ᠠᠮᠤᠷ ᠲᠦᠪᠰᠢᠨ ᠢᠶᠠᠷ ᠵᠠᠯᠭᠠᠨ ᠣᠷᠣᠭᠤᠯᠬᠤ         ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠠᠯᠭᠠᠭᠠᠰᠤ ᠶᠢᠨ      ᠵᠢᠷᠤᠮᠵᠢᠯ︾᠂ ︽ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠡᠷᠡᠭᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ ᠶᠢᠨ ᠮᠡᠳᠡᠭᠳᠡᠯ︾ ᠶᠢᠨ ᠱᠠᠭᠠᠷᠳᠠᠯᠭ᠎ᠠ ᠶᠤᠰᠤᠭᠠᠷ᠂ ᠲᠤᠰᠬᠠᠢ ᠤᠲᠠᠰᠤ ᠪᠤᠶᠤ VPDN ᠵᠡᠷᠭᠡ ᠠᠷᠭ᠎ᠠ ᠮᠠᠶ᠋ᠢᠭ ᠢ ᠬᠡᠷᠡᠭᠯᠡᠨ ᠰᠢᠭᠤᠳ ᠬᠤᠯᠪᠣᠬᠤ ᠠᠷᠭ᠎ᠠ ᠮᠠᠶ᠋ᠢᠭ ᠢᠶᠠᠷ ᠤᠯᠤᠰ ᠤᠨ ᠨᠢᠭᠡᠳᠦᠯᠲᠡᠢ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠳᠤ ᠵᠠᠯᠭᠠᠨ ᠣᠷᠣᠭᠤᠯᠬᠤ ᠶᠢᠨ ᠬᠠᠮᠲᠤ ᠪᠥᠬᠦ ᠬᠡᠮᠵᠢᠶ᠎ᠡ ᠪᠠᠷ ᠵᠠᠯᠭᠠᠨ ᠥᠭᠡᠷᠡᠴᠢᠯᠡᠬᠦ ᠠᠵᠢᠯ ᠢ       ᠪᠡᠶᠡᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠪᠥᠬᠦ ᠶᠠᠪᠤᠴᠠ ᠶᠢᠨ ᠬᠡᠷᠡᠭᠯᠡᠯᠲᠡ ᠪᠠ ᠡᠯᠧᠺᠲᠷᠣᠨ ᠵᠣᠷ ᠤᠨ ᠡᠷᠭᠢᠯᠲᠡ ᠶᠢ ᠪᠡᠶᠡᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠭᠰᠠᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠳᠡᠭᠡᠭᠰᠢ ᠳᠠᠮᠵᠢᠭᠤᠯᠬᠤ ᠶᠢᠨ ᠬᠠᠮᠲᠤ ᠣᠶᠤᠨᠲᠤ ᠬᠢᠨᠠᠨ ᠡᠵᠡᠮᠳᠡᠬᠦ ᠰᠢᠰᠲ᠋ᠧᠮ ᠳᠤ ᠵᠠᠯᠭᠠᠨ ᠣᠷᠣᠭᠤᠯᠤᠨ᠎ᠠ᠃   ︵ᠬᠤᠶᠠᠷ︶ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠳᠤ ᠡᠮᠴᠢᠯᠡᠭᠡᠨ ᠤ ᠳᠠᠭᠠᠳᠬᠠᠯ ᠤᠨ ᠲᠡᠷᠡ ᠳᠠᠷᠤᠢ  ᠳᠤᠨᠢ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠵᠤ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠠᠷ ᠳᠡᠮᠵᠢᠨ ᠳ᠋ᠦᠩᠨᠡᠨ ᠪᠤᠳᠤᠵᠤ ᠪᠤᠯᠬᠤ᠃   ︵ᠭᠤᠷᠪᠠ︶ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠦᠢᠯᠡᠳᠦᠭᠰᠡᠨ ᠪᠤᠶᠤ ᠬᠢᠨᠠᠨ ᠦᠢᠯᠡᠳᠦᠭᠰᠡᠨ ᠰᠦᠢᠳᠬᠡᠯ ᠬᠤᠷᠢᠶᠠᠬᠤ ᠲᠤᠰᠬᠠᠢ ᠬᠡᠷᠡᠭᠯᠡᠭᠡᠨ ᠤ ᠫᠢᠶᠣᠣ ᠪᠠᠷᠢᠮᠲᠠ ᠶᠢ ᠵᠢᠷᠤᠮᠵᠢᠭᠤᠯᠤᠨ ᠬᠡᠷᠡᠭᠯᠡᠵᠦ ᠪᠤᠯᠬᠤ︔ ᠬᠠᠤᠯᠢ ᠶᠣᠰᠣᠭᠠᠷ ᠲᠠᠩᠰᠠ ᠪᠠᠶᠢᠭᠤᠯᠵᠤ᠂ ᠣᠨᠣᠪᠴᠢᠲᠠᠶ ᠲᠣᠭᠠᠴᠠᠭ᠎ᠠ ᠬᠢᠵᠦ ᠲᠡᠶᠢᠯᠬᠦ᠃   ︵ᠳᠥᠷᠪᠡ︶ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠳᠣᠲᠣᠷᠠᠬᠢ ᠡᠮ ᠤᠨ ᠵᠦᠢᠯ ᠢ ᠭᠦᠢᠴᠡᠳ ᠲᠤᠭ᠎ᠠ ᠪᠠᠷ ᠲᠣᠬᠢᠷᠠᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠪᠠᠳᠤᠯᠠᠵᠦ ᠲᠡᠶᠢᠯᠬᠦ︔ ᠡᠯᠧᠺᠲᠷᠣᠨ ᠢᠶᠠᠷ ᠮᠥᠷᠳᠡᠵᠦ ᠪᠣᠯᠬᠤ ᠰᠢᠰᠲ᠋ᠧᠮ ᠢ ᠲᠣᠬᠢᠷᠠᠭᠤᠯᠵᠤ᠂ ᠬᠡᠷᠡᠭᠯᠡᠬᠦ ᠪᠠ ᠪᠣᠷᠣᠯᠠᠭᠤᠯᠬᠤ ᠡᠮ ᠤᠨ ᠵᠦᠢᠯ ᠳᠤ ᠴᠥᠮ ᠡᠯᠧᠺᠲᠷᠣᠨ ᠢᠶᠠᠷ ᠮᠥᠷᠳᠡᠵᠦ ᠪᠣᠯᠬᠤ ᠶᠢ ᠪᠡᠶᠡᠯᠡᠭᠦᠯᠦᠭᠰᠡᠨ᠃   ︵ᠲᠠᠪᠤ︶ ᠡᠮ ᠤᠨ ᠵᠦᠢᠯ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠶᠢ ᠳᠡᠩᠰᠡᠯᠡᠨ ᠬᠠᠮᠢᠶᠠᠷᠬᠤ ᠳᠦᠷᠢᠮ ᠢ ᠪᠠᠶᠢᠭᠤᠯᠵᠤ᠂ ᠲᠣᠬᠢᠷᠠᠭᠤᠯᠤᠨ ᠬᠦᠷᠭᠡᠬᠦ ᠠᠷᠭ᠎ᠠ ᠮᠠᠶ᠋ᠢᠭ᠂ ᠲᠣᠬᠢᠷᠠᠭᠤᠯᠤᠨ ᠬᠦᠷᠭᠡᠬᠦ ᠨᠠᠷᠢᠨ ᠬᠠᠭᠤᠳᠠᠰᠤ᠂ ᠲᠣᠬᠢᠷᠠᠭᠤᠯᠤᠨ ᠬᠦᠷᠭᠡᠬᠦ ᠭᠡᠷᠡᠴᠢ ᠪᠠᠷᠢᠮᠲᠠ᠂ ᠲᠣᠬᠢᠷᠠᠭᠤᠯᠤᠨ ᠬᠦᠷᠭᠡᠬᠦ ᠴᠠᠭ ᠬᠤᠭᠤᠴᠠᠭ᠎ᠠ ᠵᠡᠷᠭᠡ ᠠᠭᠤᠯᠭ᠎ᠠ ᠶᠢ ᠪᠠᠭᠲᠠᠭᠠᠵᠤ᠂ ᠪᠠᠶᠢᠴᠠᠭᠠᠨ ᠯᠠᠪᠯᠠᠵᠤ ᠪᠣᠯᠬᠤ᠂ ᠨᠡᠬᠡᠮᠵᠢᠯᠡᠵᠦ ᠪᠣᠯᠬᠤ ᠶᠢ ᠦᠨᠡᠨᠬᠦ ᠪᠠᠳᠤᠯᠠᠬᠤ︔ ᠪᠦᠷᠢᠨ ᠪᠦᠲᠦᠨ ᠡᠮ ᠤᠨ ᠵᠦᠢᠯ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠡᠬᠡ ᠲᠠᠩᠰᠠ ᠶᠢ ᠪᠠᠶᠢᠭᠤᠯᠵᠤ᠂ ᠪᠣᠶ ᠪᠦᠬᠦᠢ ᠡᠮ ᠤᠨ ᠵᠦᠢᠯ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠣᠷᠣᠭᠤᠯᠬᠤ᠂ ᠪᠣᠷᠣᠯᠠᠭᠤᠯᠬᠤ ᠨᠠᠷᠢᠨ ᠵᠦᠢᠯᠡᠰ ᠢ ᠴᠥᠮ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠦᠨᠡᠨ ᠪᠣᠳᠠᠲᠠᠢ ᠪᠠᠷ ᠪᠢᠴᠢᠵᠦ ᠤᠷᠤᠭᠤᠯᠤᠭᠰᠠᠨ︔ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠣᠭᠲᠠᠭᠠᠯ ᠶᠣᠰᠣᠭᠠᠷ ᠬᠡᠷᠡᠭᠯᠡᠭᠰᠡᠨ᠃   ︵ᠵᠢᠷᠭᠤᠭ᠎ᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠵᠢᠷᠤᠮᠵᠢᠯ ᠪᠠ ᠦᠨ᠎ᠡ ᠬᠠᠩᠰᠢ︾ ᠶᠢᠨ ᠪᠠᠷᠢᠮᠵᠢᠶ᠎ᠠ ᠶᠣᠰᠣᠭᠠᠷ ᠰᠦᠢᠳᠬᠡᠯ ᠬᠤᠷᠢᠶᠠᠬᠤ᠃   ︵ᠳᠣᠯᠤᠭ᠎ᠠ︶ 24 ᠴᠠᠭ ᠤᠨ ᠸᠢᠳᠢᠤ᠋ ᠬᠢᠨᠠᠨ ᠡᠵᠡᠮᠳᠡᠬᠦ ᠶᠢ ᠲᠤᠬᠢᠷᠠᠭᠤᠯᠤᠭᠰᠠᠨ᠃   ᠬᠤᠶᠠᠷ᠂ ᠠᠵᠢᠯ ᠤᠨ ᠱᠠᠭᠠᠷᠳᠠᠯᠭ᠎ᠠ   ︵ᠨᠢᠭᠡ︶ ᠡᠯ᠎ᠡ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠳᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠵᠢᠴᠢ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠤᠭᠤᠳ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠳᠠᠭᠠᠳᠬᠠᠯ ᠳᠤ ᠣᠷᠣᠯᠴᠠᠭᠰᠠᠳ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠳᠠᠭᠠᠳᠬᠠᠯ ᠳᠤ ᠣᠷᠣᠯᠴᠠᠭᠰᠠᠳ ᠲᠤ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠬᠠᠩᠭᠠᠵᠤ᠂ ᠳᠠᠭᠠᠳᠬᠠᠯ ᠳᠤ ᠣᠷᠣᠯᠴᠠᠭᠰᠠᠳ ᠤᠨ ᠴᠠᠭ ᠲᠤᠬᠠᠢ ᠳᠤᠨᠢ ᠬᠠᠮᠢᠶ᠎ᠠ ᠪᠦᠬᠦᠢ ᠬᠠᠷᠠᠭᠠᠯᠵᠠᠯ ᠭᠥᠷᠳᠡᠬᠦ ᠶᠢ ᠦᠨᠡᠨᠬᠦ ᠪᠠᠲᠤᠯᠠᠵᠤ᠂ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠳᠤ ᠡᠳ᠋ᠯᠡᠬᠦ ᠶᠣᠰᠣᠲᠠᠢ ᠶᠢ ᠨᠢ ᠪᠦᠬᠦᠨ ᠢ ᠡᠳ᠋ᠯᠡᠬᠦ ᠶᠢ ᠪᠡᠶᠡᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠳᠦ ᠲᠥᠷᠥᠭᠳᠡᠯ ᠢ ᠨᠡᠮᠡᠭᠳᠡᠭᠦᠯᠦᠨ᠎ᠡ᠃   ︵ᠬᠤᠶᠠᠷ︶ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠴᠡᠭ ᠲᠣᠭᠲᠠᠭᠠᠭᠰᠠᠨ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠨᠥᠬᠦᠴᠡᠯ ᠶᠣᠰᠣᠭᠠᠷ ᠲᠡᠭᠦᠯᠳᠡᠷᠵᠢᠭᠦᠯᠵᠦ᠂ ᠵᠢᠷᠭᠤᠭᠠᠨ ᠰᠠᠷ᠎ᠠ ᠶᠢᠨ ᠰᠢᠯᠵᠢᠯᠲᠡ ᠶᠢᠨ ᠬᠤᠭᠤᠴᠠᠭ᠎ᠠ ᠲᠠᠢ᠂ ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠡᠷᠪᠡ ᠵᠣᠬᠢᠬᠤ ᠨᠥᠬᠦᠴᠡᠯ ᠳᠤ ᠬᠦᠷᠴᠦ ᠳᠡᠶᠢᠯᠬᠦ ᠦᠭᠡᠢ ᠪᠣᠯ ᠪᠤᠴᠠᠭᠠᠵᠤ ᠭᠠᠷᠭᠠᠨ᠎ᠠ᠃   ︵ᠭᠤᠷᠪᠠ︶ ᠡᠯ᠎ᠡ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠨᠢ ︽ᠪᠤᠭᠤᠲᠤ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠵᠢᠭᠦᠯᠬᠦ ᠨᠠᠷᠢᠨ ᠳᠦᠷᠢᠮ︾ ᠪᠣᠯᠣᠨ ᠦᠢᠯᠡᠴᠢᠯᠡᠭᠡᠨ ᠤ ᠵᠥᠪᠳᠡᠯᠴᠡᠭᠡᠷ ᠤᠨ ᠲᠣᠭᠲᠠᠭᠠᠯ ᠶᠣᠰᠣᠭᠠᠷ᠂ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠦᠢᠯᠡᠴᠢᠯᠡᠭᠡᠨ ᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠡᠮᠴᠢᠯᠡᠭᠡᠨ ᠤ ᠦᠢᠯᠡᠴᠢᠯᠡᠭᠡᠨ ᠤ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠵᠦᠢ ᠵᠣᠬᠢᠰᠲᠠᠢ ᠪᠠᠷ ᠪᠠᠶᠢᠴᠠᠭᠠᠵᠤ᠂ ᠵᠦᠢ ᠵᠣᠬᠢᠰᠲᠠᠢ ᠪᠠᠷ ᠡᠮ ᠬᠡᠷᠡᠭᠯᠡᠨ᠂ ᠵᠦᠢ ᠵᠣᠬᠢᠰᠲᠠᠢ ᠪᠠᠷ ᠡᠮᠨᠡᠨ ᠵᠠᠰᠠᠵᠤ᠂ ᠵᠦᠢ ᠵᠣᠬᠢᠰᠲᠠᠢ ᠪᠠᠷ ᠰᠦᠢᠳᠬᠡᠯ ᠬᠤᠷᠢᠶᠠᠵᠤ᠂ ᠳᠠᠭᠠᠳᠬᠠᠯ ᠳᠤ ᠣᠷᠣᠯᠴᠠᠭᠰᠠᠳ ᠲᠤ ᠴᠢᠨᠠᠷ ᠰᠠᠶᠢᠲᠠᠢ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡᠨ ᠢ ᠦᠨᠡᠨᠬᠦ ᠬᠠᠩᠭᠠᠬᠤ ᠬᠡᠷᠡᠭᠲᠡᠢ᠃   ᠳᠠᠭᠠᠯᠳᠤᠭᠤᠯᠤᠯ᠄ ᠰᠢᠨ᠎ᠡ ᠪᠠᠷ ᠨᠡᠮᠡᠭᠳᠡᠭᠰᠡᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠨᠡᠷᠡᠰ             ᠪᠤᠭᠤᠲᠤ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠦᠪ                2023 ᠣᠨ ᠤ 2 ᠳ᠋ᠤᠭᠠᠷ ᠰᠠᠷ᠎ᠠ ᠶᠢᠨ 16 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号