ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠮᠡᠳᠡᠭᠳᠡᠯ | ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠤ | ᠡᠷᠡᠭᠦᠯ ᠮᠡᠨᠳᠦ ᠶᠢᠨ ᠬᠡᠷᠡᠭᠴᠡᠭᠡ ᠶᠢ ᠨᠡᠩ ᠰᠠᠶᠢᠨ ᠬᠠᠩᠭᠠᠵᠦ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠣᠨᠣᠰᠢᠯᠠᠨ ᠡᠮᠨᠡᠬᠦ ᠵᠦᠢᠯᠡᠰ ᠤᠨ ᠲᠥᠯᠥᠬᠦ ᠬᠡᠪᠴᠢᠶ᠎ᠡ ᠶᠢ ᠤᠯᠠᠮ ᠨᠢᠭᠡ ᠠᠯᠬᠤᠮ ᠵᠦᠢ | ᠵᠣᠬᠢᠰᠲᠠᠢ ᠥᠷᠭᠡᠳᠬᠡᠵᠦ᠂ ᠣᠯᠠᠨ ᠲᠦᠮᠡᠨ ᠤ ᠡᠮ ᠬᠡᠷᠡᠭᠯᠡᠬᠦ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ ᠶᠢᠨ | ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠬᠡᠰᠡᠭ ᠣᠨᠣᠰᠢᠯᠠᠨ ᠡᠮᠨᠡᠬᠦ ᠲᠥᠷᠥᠯ ᠵᠦᠢᠯ ᠤᠨ ᠲᠣᠭᠠᠴᠠᠭ᠎ᠠ ᠬᠢᠬᠦ ᠬᠡᠪᠴᠢᠶ᠎ᠡ ᠶᠢ ᠥᠷᠭᠡᠳᠬᠡᠨ᠎ᠡ | ᠳᠠᠭᠠᠳᠬᠠᠯ ᠳᠤ ᠣᠷᠣᠭᠰᠠᠳ ᠡᠭᠦᠳᠡᠨ ᠡᠮᠨᠡᠯᠭᠡ᠂ ᠡᠮᠨᠡᠯᠭᠡ ᠳᠤ ᠰᠠᠭᠤᠵᠤ ᠡᠮᠨᠡᠭᠦᠯᠬᠦ ᠦᠶ᠎ᠡ ᠳᠤ᠂ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠬᠡᠪᠴᠢᠶᠡᠨ ᠳᠠᠬᠢ 200 ᠲᠥᠭᠦᠷᠢᠭ ᠠᠴᠠ ᠳᠡᠭᠡᠭᠰᠢᠬᠢ ᠬᠥᠬᠡ ᠲᠥᠷᠥᠯ ᠤᠨ | ᠪᠠᠶᠢᠴᠠᠭᠠᠯᠲᠠ᠂ ᠴᠢᠰᠦᠨ ᠤ ᠪᠠᠶᠢᠴᠠᠭᠠᠯᠳᠠ᠂ ᠡᠮᠴᠢᠯᠡᠭᠡ ᠵᠡᠷᠭᠡ ᠡᠮᠴᠢᠯᠡᠭᠡᠨ ᠤ ᠦᠢᠯᠡᠴᠢᠯᠡᠭᠡᠨ ᠤ ᠵᠦᠢᠯᠡᠰ ᠤᠨ | ᠲᠠᠩᠰᠠ ᠲᠠᠶᠢᠯᠬᠤ ᠳᠤ ᠨᠡᠶᠢᠴᠡᠪᠡᠯ᠂ ᠬᠤᠪᠢ ᠬᠥᠮᠥᠨ ᠥᠪᠡᠷ ᠢᠶᠠᠨ 20% ᠳᠥᠯᠥᠬᠦ ᠲᠣᠭᠲᠠᠭᠠᠯ ᠢ ᠬᠦᠴᠦᠨ | ᠦᠭᠡᠢ ᠪᠣᠯᠭᠠᠵᠤ᠂ ᠪᠦᠬᠦᠨ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠥᠯᠥᠬᠦ | ᠬᠡᠪᠴᠢᠶᠡᠨ ᠳᠤ ᠣᠷᠣᠭᠤᠯᠤᠨ᠎ᠠ᠃ | ᠬᠤᠶᠠᠷ᠂ ︽ᠬᠤᠣᠰ ᠨᠡᠪᠲᠡᠷᠡᠬᠦ ᠵᠠᠮ︾ ᠤᠨ ᠦᠢᠯᠡᠴᠢᠯᠡᠭᠡᠨ ᠤ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ | ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠠᠷᠠᠳ ᠲᠤ ᠲᠥᠬᠦᠮ ᠦᠵᠡᠭᠦᠯᠬᠦ᠂ | ᠵᠤᠯᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠤᠨ ᠡᠮ | ᠬᠡᠷᠡᠭᠯᠡᠬᠦ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢᠨ ᠲᠥᠯᠥᠭᠡ᠂ ᠬᠥᠮᠥᠨ ᠤ ᠴᠢᠰᠤ ᠡᠭᠡᠳᠡᠭᠦᠯᠬᠦ ᠹᠠᠺᠲ᠋ᠤᠷ VⅢ | ᠶᠢ ᠮᠠᠨ ᠤ ᠬᠤᠲᠠ ᠶᠢᠨ ︽ᠬᠤᠣᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠡᠮ ᠤᠨ ᠵᠦᠢᠯ ᠤᠨ ᠭᠠᠷᠴᠠᠭ ᠲᠤ | ᠣᠷᠣᠭᠤᠯᠤᠨ᠎ᠠ᠃ ᠳᠠᠭᠠᠳᠬᠠᠯ ᠳᠤ ᠣᠷᠣᠭᠰᠠᠳ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠡᠮᠴᠢᠯᠡᠭᠡᠨ ᠤ ᠳᠠᠭᠠᠳᠬᠠᠯ ᠤᠨ ᠡᠮᠴᠢ ᠶᠢᠨ ᠪᠢᠴᠢᠵᠦ ᠥᠭᠭᠦᠭᠰᠡᠨ ᠭᠠᠳᠠᠷ ᠨᠠᠶᠢᠷᠠᠭᠤᠯᠭ᠎ᠠ ᠶᠢᠨ ᠵᠣᠷ ᠢᠶᠠᠷ ᠢᠶᠠᠨ ︽ | ᠬᠤᠣᠰ ᠨᠡᠪᠲᠡᠷᠡᠬᠦ ᠵᠠᠮ︾ ᠤᠨ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ | ᠬᠤᠳᠠᠯᠳᠤᠨ ᠠᠪᠴᠤ ᠡᠮ ᠨᠠᠶᠢᠷᠠᠭᠤᠯᠬᠤ ᠪᠠ ᠳ᠋ᠦᠩᠨᠡᠨ ᠪᠤᠳᠤᠬᠤ ᠶᠢ ᠳᠡᠮᠵᠢᠵᠦ᠂ ᠨᠥᠬᠦᠴᠡᠯ ᠪᠦᠷᠢᠯᠳᠦᠭᠰᠡᠨ ᠤ | ᠳᠠᠷᠠᠭ᠎ᠠ ᠡᠯᠧᠺᠲᠷᠣᠨ ᠵᠣᠷ ᠤᠨ ᠡᠷᠭᠢᠯᠲᠡ ᠶᠢᠨ ᠬᠠᠮᠢᠶᠠᠷᠤᠯᠲᠠ ᠶᠢᠨ ᠰᠢᠰᠲ᠋ᠧᠮ ᠳᠤ ᠨᠡᠶᠢᠯᠡᠭᠦᠯᠦᠨ ᠣᠷᠣᠭᠤᠯᠤᠨ᠎ᠠ᠃ | ᠭᠤᠷᠪᠠ᠂ ᠵᠣᠷ ᠤᠨ ᠬᠠᠮᠢᠶᠠᠷᠤᠯᠲᠠ ᠶᠢᠨ ᠬᠢᠵᠠᠭᠠᠷᠯᠠᠯ ᠢ ᠬᠦᠴᠦᠨ ᠦᠭᠡᠢ ᠪᠤᠯᠭᠠᠨ᠎ᠠ | ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ | ᠵᠣᠷ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠵᠦᠢ ᠵᠣᠬᠢᠰᠲᠠᠢ ᠡᠮ ᠬᠡᠷᠡᠭᠯᠡᠬᠦ ᠶᠢ ᠠᠬᠢᠭᠤᠯᠵᠤ᠂ ᠵᠣᠷ ᠤᠨ ᠬᠡᠷᠡᠭᠯᠡᠬᠦ | ᠡᠮ ᠤᠨ ᠬᠡᠮᠵᠢᠶ᠎ᠡ ᠵᠢᠴᠢ ᠵᠣᠭᠤᠰ ᠤᠨ ᠲᠤᠭ᠎ᠠ ᠵᠡᠷᠭᠡ ᠶᠢᠨ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠦᠭᠡᠢ | ᠪᠣᠯᠭᠠᠬᠤ ᠶᠢᠨ ᠲᠤᠰᠠᠳᠠ᠂ ᠴᠡᠭ ᠲᠤᠭᠳᠠᠭᠠᠭᠰᠠᠨ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ | ᠪᠠᠲᠤᠯᠠᠭ᠎ᠠ ᠶᠢᠨ ᠡᠮᠴᠢ ᠠᠴᠠ ᠳᠠᠭᠠᠳᠬᠠᠯ ᠳᠤ ᠣᠷᠣᠯᠴᠠᠭᠰᠠᠨ ᠬᠥᠮᠥᠰ ᠤᠨ ᠪᠣᠳᠠᠲᠠᠢ ᠡᠪᠡᠳᠴᠢᠨ ᠤ ᠪᠠᠶᠢᠳᠠᠯ ᠢ | ᠦᠨᠳᠦᠰᠦᠯᠡᠨ᠂ ︽ᠮᠡᠷᠭᠡᠵᠢᠯ ᠤᠨ ᠡᠮᠴᠢ ᠶᠢᠨ ᠬᠠᠤᠯᠢ︾᠂ ︽ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾᠂ | ︽ᠵᠣᠷ ᠤᠨ ᠬᠠᠮᠢᠶᠠᠷᠤᠯᠲᠠ ᠶᠢᠨ ᠠᠷᠭ᠎ᠠ︾᠂ ︽ᠣᠷᠳᠣ ᠬᠤᠭᠤᠴᠠᠭᠠᠨ ᠤ ᠵᠣᠷ ᠤᠨ ᠬᠠᠮᠢᠶᠠᠷᠤᠯᠲᠠ ᠶᠢᠨ | ᠵᠢᠷᠤᠮᠵᠢᠯ︾ ᠵᠡᠷᠭᠡ ᠬᠠᠮᠢᠶ᠎ᠠ ᠪᠦᠬᠦᠢ ᠲᠣᠭᠲᠠᠭᠠᠯ ᠶᠣᠰᠣᠭᠠᠷ ᠵᠣᠷ ᠪᠢᠴᠢᠵᠦ ᠥᠭᠭᠦᠨ᠎ᠡ᠃ | ᠲᠤᠰ ᠮᠡᠳᠡᠭᠳᠡᠯ ᠢ ᠳᠣᠷᠣᠭᠰᠢ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠤᠤᠯ ᠤᠨ | ᠬᠤᠯᠪᠣᠭᠳᠠᠯ ᠪᠦᠬᠦᠢ ᠲᠣᠭᠲᠠᠭᠠᠯ ᠨᠢ ᠲᠤᠰ ᠮᠡᠳᠡᠭᠳᠡᠯ ᠲᠠᠢ ᠨᠡᠶᠢᠴᠡᠬᠦ ᠦᠭᠡᠢ ᠪᠠᠶᠢᠪᠠᠯ ᠲᠤᠰ ᠲᠤᠭᠳᠠᠭᠠᠯ ᠶᠣᠰᠣᠭᠠᠷ | ᠭᠦᠢᠴᠡᠳᠬᠡᠨ᠎ᠡ᠃ | ᠪᠤᠭᠤᠲᠤ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ | 2023 ᠣᠨ ᠤ 2 ᠳ᠋ᠤᠭᠠᠷ ᠰᠠᠷ᠎ᠠ ᠶᠢᠨ 18 ᠤ ᠡᠳᠦᠷ | |