ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠰᠦᠯᠵᠢᠶᠡᠨ ᠳᠤ ᠬᠤᠯᠪᠤᠬᠤ ᠦᠢᠯᠡᠳᠬᠦᠨ ︵2023 ᠣᠨ ᠤ ᠬᠤᠶᠠᠳᠤᠭᠠᠷ ᠪᠦᠯᠦᠭ︶ ᠢ ᠢᠯᠡ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/2/20
            ᠥᠪᠥᠷ ᠡᠮ ᠬᠤᠳᠠᠯᠳᠤᠨ ᠠᠪᠬᠤ ᠲᠥᠪ ᠦᠰᠦᠭ ﹇2023﹈ 36 ᠳ᠋ᠤᠭᠠᠷ ᠲᠣᠭᠠᠲᠤᠡᠯ᠎ᠡ ᠬᠠᠮᠢᠶ᠎ᠠ ᠪᠦᠬᠦᠢ ᠨᠢᠭᠡᠴᠡ᠄   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇2021﹈ 246 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ︶ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃   ᠨᠢᠭᠡ᠂ ᠢᠯᠡ ᠨᠡᠶᠢᠲᠡᠯᠡᠬᠦ ᠠᠭᠤᠯᠭ᠎ᠠ   ᠠᠵᠤ ᠠᠬᠤᠶᠢᠯᠠᠯ ᠨᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ︶ ᠤᠨ ᠪᠦᠲᠦᠭᠡᠭᠳᠡᠬᠦᠨ ᠤ ᠮᠡᠳᠡᠭᠡ ᠵᠠᠩᠭᠢ ᠶᠢ ᠮᠡᠳᠡᠭᠦᠯᠦᠨ᠎ᠡ᠃ ᠠᠵᠤ ᠠᠬᠤᠶᠢᠯᠠᠯ ᠨᠢ ᠥᠪᠥᠷ ᠮᠣᠩᠭᠤᠯ ᠤᠨ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ︱ ᠥᠪᠥᠷ ᠮᠣᠩᠭᠤᠯ ᠤᠨ ᠡᠮᠴᠢᠯᠡᠭᠡᠨ ᠤ ᠪᠠᠳᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ︱ ᠬᠥᠳᠡᠯᠦᠩᠭᠦᠢ ᠲᠣᠬᠢᠷᠠᠭᠤᠯᠤᠯᠲᠠ ᠬᠠᠮᠢᠶᠠᠷᠤᠯᠲᠠ ᠠᠴᠠ ᠮᠡᠳᠡᠭᠡ ᠵᠠᠩᠬᠢ ᠶᠢ ᠪᠠᠶᠢᠴᠠᠭᠠᠨ ᠦᠵᠡᠵᠦ ᠪᠤᠯᠤᠨ᠎ᠠ᠃   ᠬᠤᠶᠠᠷ᠂ ᠢᠯᠡ ᠨᠡᠶᠢᠲᠡᠯᠡᠬᠦ ᠴᠠᠭ   2023 ᠣᠨ ᠤ 2 ᠳ᠋ᠤᠭᠠᠷ ᠰᠠᠷ᠎ᠠ ᠶᠢᠨ 20 ︱ 2 ᠳ᠋ᠤᠭᠠᠷ ᠰᠠᠷ᠎ᠠ ᠶᠢᠨ 27 ᠤ ᠡᠳᠦᠷ ᠪᠤᠯᠳᠠᠯ᠎ᠠ᠃   ᠭᠤᠷᠪᠠ᠂ ᠪᠤᠰᠤᠳ ᠵᠦᠢᠯ   ︵ᠨᠢᠭᠡ︶ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠤᠳ ᠬᠡᠷᠪᠡ ᠵᠠᠷᠯᠠᠨ ᠨᠡᠶᠢᠲᠡᠯᠡᠭᠰᠡᠨ ᠮᠡᠳᠡᠭᠡ ᠵᠠᠩᠭᠢ ᠵᠢᠴᠢ ᠦᠢᠯᠡᠳᠬᠦᠨ ᠤ ᠦᠨ᠎ᠡ ᠬᠠᠩᠰᠢ ᠳᠤ ᠣᠨᠳᠣᠣ ᠰᠠᠨᠠᠯ ᠲᠠᠢ ᠪᠠᠶᠢᠪᠠᠯ᠂ ︽ᠬᠡᠨ ᠵᠣᠷᠢᠪᠠᠯ ᠲᠡᠷᠡ ᠭᠡᠷᠡᠴᠢ ᠳᠤᠷᠠᠳᠬᠤ︾ ᠵᠠᠷᠴᠢᠮ ᠤᠨ ᠶᠣᠰᠣᠭᠠᠷ᠂ ᠦᠨᠡᠨ ᠪᠣᠳᠠᠲᠠᠢ ᠬᠦᠴᠦᠨ ᠲᠠᠢ᠂ ᠪᠦᠷᠢᠨ ᠭᠦᠢᠴᠡᠳ ᠭᠡᠷᠡᠴᠢᠯᠡᠬᠦ ᠮᠠᠲ᠋ᠧᠷᠢᠶᠠᠯ ᠢ ᠬᠠᠩᠭᠠᠨ᠎ᠠ᠂ ᠬᠤᠭᠤᠴᠠᠭ᠎ᠠ ᠠᠴᠠ ᠪᠠᠨ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠲᠤᠰᠢᠶᠠᠭᠰᠠᠨ ᠦᠭᠡᠢ ᠪᠠᠶᠢᠪᠠᠯ ᠭᠥᠯᠢᠶᠡᠨ ᠠᠪᠴᠤ ᠰᠢᠢᠳᠪᠦᠷᠢᠯᠡᠬᠦ ᠦᠭᠡᠢ᠃   ︵ᠬᠤᠶᠠᠷ︶ ᠠᠵᠤ ᠠᠬᠤᠶᠢᠯᠠᠯ ᠤᠨ ᠳᠡᠪᠰᠢᠭᠦᠯᠦᠭᠰᠡᠨ ᠭᠤᠮᠤᠳᠠᠯ ᠲᠤᠭᠠᠴᠠᠬᠤ ︵ᠵᠠᠭᠠᠯᠳᠤᠯᠭ᠎ᠠ︶ ᠮᠠᠲ᠋ᠧᠷᠢᠶᠠᠯ ᠳᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ᠂ ᠬᠠᠤᠯᠢ ᠶᠢᠨ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠭᠰᠠᠨ ᠪᠢᠴᠢᠭ᠂ ᠪᠠᠶᠢᠳᠠᠯ ᠤᠨ ᠲᠣᠳᠣᠷᠬᠠᠶᠢᠯᠠᠯᠲᠠ ᠪᠠ ᠬᠠᠮᠢᠶ᠎ᠠ ᠪᠦᠬᠦᠢ ᠲᠣᠳᠣᠷᠬᠠᠢ ᠪᠥᠭᠡᠳ ᠬᠦᠴᠦᠨ ᠲᠠᠢ ᠭᠡᠷᠡᠴᠢ ᠮᠠᠲ᠋ᠧᠷᠢᠶᠠᠯ ᠪᠠᠭᠲᠠᠨ᠎ᠠ᠃   ︵ᠭᠤᠷᠪᠠ︶ ᠭᠠᠷᠳᠠᠭᠤᠯᠬᠤ ᠠᠷᠭ᠎ᠠ ᠮᠠᠶ᠋ᠢᠭ   1᠂ ᠭᠤᠮᠤᠳᠠᠯ ᠲᠤᠭᠠᠴᠠᠬᠤ ︵ᠵᠠᠭᠠᠯᠳᠤᠯᠭ᠎ᠠ︶ ᠮᠠᠲ᠋ᠧᠷᠢᠶᠠᠯ ᠢ ᠲᠡᠮᠳᠡᠭᠯᠡᠬᠦ ︱ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠰᠢᠰᠲ᠋ᠧᠮ ︱ ᠬᠤᠷᠣᠭᠳᠠᠯ ᠮᠠᠲ᠋ᠧᠷᠢᠶᠠᠯ ᠤᠨ ᠦᠢᠯᠡᠳᠬᠦᠨ ᠤ ᠮᠡᠳᠡᠭᠦᠯᠬᠦ ᠲᠤᠬᠠᠶᠢᠯᠠᠭᠰᠠᠨ ᠠᠵᠢᠯ ᠤᠨ ᠭᠤᠶᠤᠴᠢᠯᠠᠯ ᠮᠡᠳᠡᠭᠦᠯᠦᠯᠳᠡ ᠶᠢ ᠲᠤᠰᠢᠶᠠᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ᠃   2᠂ ᠲᠤᠬᠠᠢ ᠶᠢᠨ ᠲᠠᠯᠠᠪᠤᠷ ᠲᠤ ᠮᠠᠲ᠋ᠧᠷᠢᠶᠠᠯ ᠢᠶᠠᠨ ᠲᠤᠰᠢᠶᠠᠬᠤ ᠠᠵᠤ ᠠᠬᠤᠶᠢᠯᠠᠯ ᠨᠢ ᠮᠠᠲ᠋ᠧᠷᠢᠶᠠᠯ ᠢᠶᠠᠨ ᠨᠢᠭᠤᠷ ᠳᠠᠷᠠᠭᠠᠯᠠᠨ ᠠᠵᠤ ᠠᠬᠤᠶᠢᠯᠠᠯ ᠤᠨ ᠠᠯᠪᠠᠨ ᠲᠠᠮᠠᠭ᠎ᠠ ︵ᠠᠯᠪᠠᠨ ᠲᠠᠮᠠᠭ᠎ᠠ ᠶᠢ ᠲᠣᠳᠣᠷᠬᠠᠢ ᠣᠯᠵᠤ ᠦᠵᠡᠬᠦ ᠴᠢᠬᠤᠯᠠ ᠲᠠᠢ︶ ᠶᠢ ᠳᠠᠷᠤᠭᠰᠠᠨ ᠤ ᠳᠠᠷᠠᠭ᠎ᠠ᠂ ᠴᠤᠩᠬᠤᠪᠴᠢ ᠪᠠᠷ ᠲᠤᠰᠢᠶᠠᠵᠤ ᠭᠦᠢᠴᠡᠳᠬᠡᠨ᠎ᠡ᠃   ︵ᠳᠥᠷᠪᠡ︶ ᠢᠯᠡ ᠨᠡᠶᠢᠲᠡᠯᠡᠬᠦ ᠬᠤᠭᠤᠴᠠᠭᠠᠨ ᠳᠤ ᠭᠥᠯᠢᠶᠡᠨ ᠠᠪᠤᠭᠰᠠᠨ ᠭᠤᠮᠤᠳᠠᠯ ᠲᠤᠭᠠᠴᠠᠬᠤ ︵ᠵᠠᠭᠠᠯᠳᠤᠯᠭ᠎ᠠ︶ ᠢ ᠲᠥᠪᠯᠡᠷᠡᠭᠦᠯᠦᠨ ᠰᠢᠢᠳᠪᠦᠷᠢᠯᠡᠵᠦ᠂ ᠲᠤᠬᠠᠢ ᠶᠢᠨ ᠦᠶ᠎ᠡ ᠳᠤ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠳᠡᠮᠵᠢᠨ ᠦᠷ᠎ᠡ ᠳ᠋ᠦᠩ ᠢ ᠨᠢᠭᠡᠳᠦᠯᠲᠡᠢ ᠨᠡᠶᠢᠲᠡᠯᠡᠨ᠎ᠡ᠃ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠦᠢᠯᠡᠳᠬᠦᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠬᠦᠨ ᠤ ᠠᠷᠠᠯᠵᠢᠶ᠎ᠠ ᠶᠢᠨ ᠬᠥᠮᠥᠷᠭᠡ ᠳᠤ ᠣᠷᠣᠭᠤᠯᠤᠨ᠎ᠠ᠃   ᠳᠥᠷᠪᠡ᠂ ᠬᠠᠷᠢᠯᠴᠠᠬᠤ ᠠᠷᠭ᠎ᠠ ᠮᠠᠶ᠋ᠢᠭ   0471—4919735 ︵ᠮᠠᠲ᠋ᠧᠷᠢᠶᠠᠯ ᠢ ᠭᠥᠯᠢᠶᠡᠨ ᠠᠪᠬᠤ︶᠂   0471—4930595 ︵ᠲᠤᠬᠠᠶᠢᠯᠠᠭᠰᠠᠨ ᠠᠵᠢᠯ ᠤᠨ ᠯᠠᠪᠯᠠᠯᠭ᠎ᠠ︶   ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 19 ᠳ᠋ᠤᠭᠡᠷ ᠨᠣᠮᠧᠷ          ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ        2023 ᠣᠨ ᠤ 2 ᠳ᠋ᠤᠭᠠᠷ ᠰᠠᠷ᠎ᠠ ᠶᠢᠨ 20 ᠤ ᠡᠳᠦᠷ   
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号