ᠤᠯᠤᠰ ᠠᠴᠠ ᠵᠣᠬᠢᠶᠠᠨ ᠪᠠᠶᠢᠭᠤᠯᠤᠭᠰᠠᠨ ᠶᠠᠰᠤᠨ ᠤ ᠡᠮᠨᠡᠯᠭᠡ ᠶᠢᠨ ᠨᠢᠷᠤᠭᠤᠨ ᠶᠠᠰᠤᠨ ᠤ ᠲᠥᠷᠥᠯ ᠤᠨ ᠬᠤᠷᠣᠭᠳᠠᠯ ᠮᠠᠲ᠋ᠧᠷᠢᠶᠠᠯ ᠢ ᠲᠣᠭᠲᠠᠭᠰᠠᠨ ᠬᠡᠮᠵᠢᠶ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠦᠢᠯᠡᠳᠬᠦᠨ ᠤ ᠭᠤᠷᠪᠠᠨ ᠲᠠᠯ᠎ᠠ ᠶᠢᠨ ᠵᠥᠪᠯᠡᠯᠴᠡᠭᠡᠷ ᠲᠣᠭᠲᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/2/21
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠤᠨ ᠥᠰᠥᠭ ﹇ 2023﹈ 37 ᠳ᠋ᠤᠭᠠᠷ ᠲᠣᠭᠠᠲᠤ ᠡᠯ᠎ᠡ ᠬᠠᠮᠢᠶ᠎ᠠ ᠪᠦᠬᠦᠢ ᠨᠢᠭᠡᠴᠡ᠄    ᠤᠯᠤᠰ ᠡᠴᠠ‌ᠵᠣᠬᠢᠶᠠᠨ ᠪᠠᠶᠢᠭᠤᠯᠤᠭᠰᠠᠨ ᠶᠠᠰᠤᠨ ᠤ ᠡᠮᠨᠡᠯᠭᠡ ᠶᠢᠨ ᠨᠢᠷᠤᠭᠤᠨ ᠶᠠᠰᠤᠨ ᠤ ᠲᠥᠷᠥᠯ ᠤᠨ ᠬᠤᠷᠣᠭᠳᠠᠯ ᠮᠠᠲ᠋ᠧᠷᠢᠶᠠᠯ ᠢ ᠲᠣᠭᠲᠠᠭᠰᠠᠨ ᠬᠡᠮᠵᠢᠶ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠠᠴᠠ ᠰᠣᠩᠭᠤᠭᠳᠠᠭᠰᠠᠨ ᠦᠶᠯᠡᠳᠬᠦᠨ ᠤ ᠭᠤᠷᠪᠠᠨ ᠲᠠᠯ᠎ᠠ  ᠶᠢᠨ ᠵᠥᠪᠯᠡᠯᠴᠡᠭᠡᠷ ᠲᠣᠭᠲᠠᠬᠤ ᠠᠵᠢᠯ ᠢ ᠥᠷᠨᠢᠭᠦᠯᠵᠦ᠂ ᠡᠳᠦᠭᠡ ᠬᠤᠯᠪᠣᠭᠳᠠᠯ ᠪᠦᠬᠦᠢ ᠵᠦᠶᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ ᠂ ᠣᠷᠣᠯᠴᠠᠬᠤ ᠨᠢᠭᠡᠴᠢ ᠶᠢᠨ ᠬᠡᠪᠴᠢᠶ᠎ᠡ  ᠤᠯᠤᠰ ᠠᠴᠠ ᠵᠣᠬᠢᠶᠠᠨ ᠪᠠᠶᠢᠭᠤᠯᠤᠭᠰᠠᠨ ᠶᠠᠰᠤᠨ ᠤ ᠡᠮᠨᠡᠯᠭᠡ ᠶᠢᠨ ᠨᠢᠷᠤᠭᠤᠨ ᠶᠠᠰᠤᠨ ᠤ ᠲᠥᠷᠥᠯ ᠤᠨ ᠬᠤᠷᠣᠭᠳᠠᠯ ᠮᠠᠲ᠋ᠧᠷᠢᠶᠠᠯ ᠢ ᠲᠣᠭᠲᠠᠭᠰᠠᠨ ᠬᠡᠮᠵᠢᠶ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠠᠵᠤ ᠠᠬᠤᠶᠢᠯᠠᠯ᠂ ᠰᠣᠩᠭᠤᠭᠳᠠᠭᠰᠠᠨ ᠠᠵᠤ ᠠᠬᠤᠶᠢᠯᠠᠯ ᠤᠨ ᠡᠵᠡᠨ ᠮᠡᠳᠡᠵᠦ ᠰᠣᠩᠭᠤᠭᠰᠠᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠨ ᠠᠪᠬᠤ ᠪᠠᠷ ᠮᠡᠳᠡᠭᠦᠯᠦᠭᠰᠡᠨ ᠬᠡᠷᠡᠭᠴᠡᠭᠡ ᠱᠠᠭᠠᠷᠳᠠᠯᠭ᠎ᠠ ᠲᠠᠢ ᠡᠮᠴᠢᠯᠡᠭᠡᠨ ᠤ ᠪᠠᠶᠢᠭᠤᠯᠤᠮᠵᠢ ᠃  ᠬᠤᠶᠠᠷ ᠂ ᠠᠵᠢᠯᠯᠠᠬᠤ ᠠᠷᠭ᠎ᠠ  ︵ ᠨᠢᠭᠡ ︶ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠭᠤᠶᠤᠴᠢᠯᠠᠨ ᠮᠡᠳᠡᠭᠦᠯᠬᠦ᠃ ᠰᠣᠩᠭᠤᠭᠳᠠᠭᠰᠠᠨ ᠠᠵᠤ ᠠᠬᠤᠶᠢᠯᠠᠯ ᠨᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠢ ᠡᠵᠡᠨ ᠮᠡᠳᠡᠨ ᠰᠣᠩᠭᠤᠵᠤ᠂ ᠦᠢᠯᠡᠳᠪᠦᠷᠢᠯᠡᠬᠦ ᠠᠵᠤ ᠠᠬᠤᠶᠢᠯᠠᠯ ᠨᠢ ᠲᠣᠭᠲᠠᠭᠰᠠᠨ ᠬᠡᠮᠵᠢᠶ᠎ᠡ ᠪᠠᠷ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠦᠬᠦᠢ ᠲᠣᠪᠶᠤᠭ ᠲᠤ ᠪᠠᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠲᠡᠮᠳᠡᠭ ᠢ ᠣᠷᠣᠭᠤᠯᠵᠤ ᠂ ᠣᠷᠣᠭᠤᠯᠤᠭᠰᠠᠨ ᠤ ᠳᠠᠷᠠᠭ᠎ᠠ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠳᠠᠩᠰᠠᠯᠠᠭᠤᠯᠤᠨ ᠭᠡᠷᠡᠴᠢᠯᠡᠭᠦᠯᠵᠦ᠂ ᠰᠢᠰᠲ᠋ᠧᠮ ᠳᠣᠲᠣᠷ᠎ᠠ ᠨᠢᠭᠡᠨᠲᠡ ᠭᠡᠷᠡᠴᠢᠯᠡᠭᠰᠡᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠮᠡᠳᠡᠭᠦᠯᠬᠦ ᠴᠢᠬᠤᠯᠠ ᠦᠭᠡᠶ᠃  ︵ ᠬᠤᠶᠠᠷ ︶ ᠭᠤᠷᠪᠠᠨ ᠲᠠᠯ᠎ᠠ ᠶᠢᠨ ᠬᠡᠯᠡᠯᠴᠡᠭᠡᠷ ᠲᠣᠭᠲᠠᠭᠠᠬᠤ᠃ ᠰᠣᠩᠭᠤᠭᠳᠠᠭᠰᠠᠨ ᠠᠵᠤ ᠠᠬᠤᠶᠢᠯᠠᠯ᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ᠂ ᠡᠮᠴᠢᠯᠡᠭᠡᠨ ᠤ ᠪᠠᠶᠢᠭᠤᠯᠤᠮᠵᠢ ᠨᠢ ᠥᠪᠥᠷ ᠮᠣᠩᠭᠤᠯ ᠤᠨ ᠡᠮᠴᠢᠯᠡᠭᠡᠨ  ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠶᠢ ᠳᠠᠭᠠᠭᠠᠴᠢᠯᠠᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠳᠤ ᠭᠠᠷᠴᠤ ᠭᠤᠷᠪᠠᠨ ᠲᠠᠯ᠎ᠠ ᠶᠢᠨ ᠵᠥᠪᠯᠡᠯᠴᠡᠭᠡᠷ ᠲᠣᠭᠲᠠᠭᠠᠨ᠎ᠠ ︵ https᠄//ylbzj. nmg.gov.cn/gfw/hallEnter//Index︶ ᠃  ︵ ᠭᠤᠷᠪᠠ ︶ ᠲᠤᠬᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠬᠤ᠃ ᠰᠣᠩᠭᠤᠭᠳᠠᠭᠰᠠᠨ ᠦᠢᠯᠡᠳᠬᠦᠨ ᠢ ᠲᠣᠬᠢᠷᠠᠭᠤᠯᠤᠨ ᠬᠦᠷᠭᠡᠬᠦ ᠬᠠᠷᠢᠴᠠᠭ᠎ᠠ ᠶᠢ ᠲᠣᠭᠲᠠᠭᠰᠠᠨ ᠭᠤᠷᠪᠠᠨ ᠲᠠᠯ᠎ᠠ ᠶᠢᠨ ᠵᠥᠪᠯᠡᠯᠴᠡᠭᠡᠷ ᠤᠨ ᠶᠣᠰᠣᠭᠠᠷ ᠰᠢᠰᠲ᠋ᠧᠮ ᠠᠶᠠᠨᠳᠠᠭᠠᠨ ᠪᠤᠶ ᠪᠣᠯᠭᠠᠵᠤ᠂ ᠦᠢᠯᠡᠳᠬᠦᠨ ᠤ ᠬᠡᠪ ᠪᠠᠷᠢᠮᠵᠢᠶ᠎ᠠ ᠪᠠᠷ ᠨᠢᠭᠡᠴᠢ ᠪᠣᠯᠭᠠᠨ ᠵᠤᠷᠪᠤᠰ ᠳᠠᠷᠠᠭᠠᠯᠠᠨ ᠪᠠᠶᠢᠭᠤᠯᠤᠭᠳᠠᠵᠤ᠂ ᠡᠯ᠎ᠡ ᠪᠠᠶᠢᠭᠤᠯᠤᠮᠵᠢ ᠠᠵᠢᠯᠯᠠᠬᠤ ᠴᠢᠬᠤᠯᠠ ᠦᠭᠡᠶ᠃  ᠭᠤᠷᠪᠠ ᠂ ᠴᠠᠭ ᠤᠨ ᠲᠤᠬᠢᠷᠠᠭᠤᠯᠤᠯᠳᠠ  ᠥᠷᠨᠢᠭᠦᠯᠬᠦ ᠴᠠᠭ᠄ 2023 ᠣᠨ ᠤ 2 ᠳ᠋ᠤᠭᠠᠷ ᠰᠠᠷ᠎ᠠ ᠶᠢᠨ 22 ᠤᠨ ᠡᠳᠦᠷ ᠠᠴᠠ 2023 ᠣᠨ ᠤ 2 ᠳ᠋ᠤᠭᠠᠷ ᠰᠠᠷ᠎ᠠ ᠶᠢᠨ 28 ᠤ ᠡᠳᠦᠷ ᠪᠣᠯᠲᠠᠯ᠎ᠠ᠃  ᠠᠰᠠᠭᠤᠨ ᠯᠠᠪᠯᠠᠬᠤ ᠤᠲᠠᠰᠤ᠄ 0471-4907267᠂ 4967106᠃   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ  2023 ᠣᠨ ᠤ 2 ᠳ᠋ᠤᠭᠠᠷ ᠰᠠᠷ᠎ᠠ ᠶᠢᠨ 20 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号