2 ᠰᠠᠷ᠎ᠠ ᠶᠢᠨ 22 ᠤᠨ 13 ᠴᠠᠭ ᠤᠨ ᠦᠶ᠎ᠡ ᠪᠠᠷ ᠂ ᠮᠠᠨ ᠤ ᠣᠷᠣᠨ ᠤ ᠠᠯᠠᠱᠠ ᠵᠡᠭᠦᠨ ᠬᠤᠰᠢᠭᠤᠨ ᠤ | ᠰᠢᠨ ᠵᠢᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠤᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠡᠭᠦᠷᠡᠵᠦ ᠂ | ᠤᠯᠠᠨ ᠬᠥᠮᠥᠨ ᠬᠤᠯᠪᠤᠭ᠎ᠠ ᠲᠠᠰᠤᠷᠠᠬᠰᠠᠨ ᠪᠠ ᠬᠥᠮᠥᠨ ᠬᠠᠷ᠎ᠠ ᠠᠳᠡᠵᠦ ᠰᠢᠷᠬᠠᠲᠤᠭᠰᠠᠨ ᠪᠠᠶᠢᠨ᠎ᠠ ᠃ ᠠᠳᠡᠯ | ᠭᠠᠷᠤᠭᠰᠠᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ | ᠲᠡᠷᠡ ᠳᠠᠷᠤᠢ ᠳᠤᠨᠢ ᠪᠠᠶᠢᠷᠢᠯᠠᠭᠤᠯᠤᠯᠲᠠ ᠬᠢᠵᠦ ᠂ ᠬᠤᠯᠪᠣᠭᠳᠠᠯ ᠪᠦᠬᠦᠢ ᠲᠠᠯ᠎ᠠ ᠶᠢᠨ ᠬᠢᠨ ᠳᠠᠷᠤᠢ ᠲᠦᠷᠭᠡᠨ ᠠᠪᠤᠷᠠᠨ | ᠲᠤᠰᠠᠯᠠᠬᠤ ᠠᠵᠢᠯ ᠢ ᠵᠣᠬᠢᠶᠠᠨ ᠪᠠᠶᠢᠭᠤᠯᠵᠤ ᠂ ᠠᠷᠭ᠎ᠠ ᠪᠦᠭᠦᠨ ᠢ ᠰᠦᠪᠡᠭᠴᠢᠯᠡᠨ ᠬᠥᠮᠥᠨ ᠬᠠᠷ᠎ᠠ ᠶᠢᠨ ᠠᠳᠡᠯ | ᠰᠢᠷᠬᠠᠲᠤᠯ ᠢ ᠪᠠᠭᠠᠰᠬᠠᠵᠤ ᠂ ᠠᠯᠢ ᠲᠦᠷᠭᠡᠨ ᠢᠶᠠᠷ ᠨᠠᠷᠢᠨ ᠪᠠᠶᠢᠳᠠᠯ ᠢ ᠣᠶᠢᠯᠠᠭᠠᠵᠤ ᠂ ᠴᠠᠭ ᠲᠤᠬᠠᠢ ᠳᠤᠨᠢ ᠮᠡᠳᠡᠭᠦᠯᠭᠦ | ᠬᠡᠷᠡᠭᠲᠡᠢ ᠭᠡᠵᠦ ᠱᠠᠭᠠᠷᠳᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠂ | ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠳᠤ ᠨᠠᠶᠢᠳᠠᠵᠤ ᠲᠤᠬᠠᠢ ᠶᠢᠨ ᠲᠠᠯᠠᠪᠠᠶ ᠳᠤ ᠬᠦᠷᠴᠦ | ᠠᠪᠤᠷᠠᠨ ᠲᠤᠰᠠᠯᠠᠬᠤ ᠠᠵᠢᠯ ᠢ ᠵᠢᠭᠠᠨ ᠵᠢᠯᠣᠭᠤᠳᠤᠭᠤᠯᠪᠠ ᠃ ᠠᠵᠢᠯ ᠤᠨ ᠰᠢᠨ᠎ᠡ ᠠᠬᠢᠴᠠ ᠶᠢ ᠤᠯᠠᠮ ᠴᠢᠨᠠᠭᠰᠢᠳᠠ | ᠣᠶᠢᠯᠠᠭᠠᠭᠰᠠᠨ ᠤ ᠲᠠᠷᠠᠭ᠎ᠠ ᠂ ᠰᠦᠨ ᠱᠤᠤ ᠴᠧᠩ ᠠᠪᠤᠷᠠᠨ ᠲᠤᠰᠠᠯᠠᠬᠤ ᠠᠵᠢᠯ ᠳᠤ ᠴᠣᠬᠤᠯᠠᠪᠤᠷᠢ ᠥᠭᠴᠦ ᠂ | ᠬᠤᠯᠪᠣᠭᠳᠠᠯ ᠪᠦᠬᠦᠢ ᠠᠵᠢᠯ ᠢ ᠤᠯᠠᠨ ᠲᠠᠯ᠎ᠠ ᠠᠴᠠ ᠲᠣᠬᠢᠷᠠᠭᠤᠯᠤᠭᠰᠠᠨ ᠪᠥᠭᠡᠳ ᠵᠢᠰᠢᠶᠠᠨ ᠤ ᠨᠢᠰᠬᠡᠯ ᠢ | ᠵᠣᠬᠢᠴᠠᠭᠤᠯᠤᠨ ᠲᠣᠬᠢᠷᠠᠭᠤᠯᠵᠤ ᠰᠥᠨᠢ ᠪᠠᠷ ᠠᠳᠡᠯ ᠤᠨ ᠲᠤᠬᠠᠢ ᠶᠢᠨ ᠲᠠᠯᠠᠪᠠᠢ ᠳᠤ ᠬᠦᠷᠴᠡᠢ ᠃ | 23 ᠤ ᠥᠷᠯᠥᠭᠡ ᠶᠢᠨ 2 ᠴᠠᠭ ᠤᠨ ᠦᠶ᠎ᠡ ᠪᠠᠷ ᠂ ᠰᠦᠨ ᠱᠤᠤ ᠴᠧᠩ ᠠᠳᠡᠯ ᠭᠠᠷᠤᠭᠰᠠᠨ ᠨᠡᠭᠦᠷᠡᠰᠦᠨ | ᠠᠭᠤᠷᠬᠠᠢ ᠶᠢᠨ ᠠᠯᠪᠠᠯᠠᠬᠤ ᠲᠣᠭᠤᠷᠢᠭ ᠲᠤ ᠭᠦᠷᠦᠮᠡᠭᠴᠡ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠶᠠᠮᠤᠨ ᠤ ᠰᠠᠶᠢᠳ ᠸᠠᠩ ᠰᠢᠶᠠᠩ ᠰᠢ ᠂ ᠸᠠᠩ ᠯᠢ ᠰᠢᠶᠠ ᠪᠣᠯᠣᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠲᠤᠰᠬᠠᠢ ᠮᠡᠷᠭᠡᠵᠢᠯᠲᠡᠳ ᠲᠠᠢ ᠬᠠᠮᠲᠤ ᠠᠪᠤᠷᠠᠨ ᠲᠤᠰᠠᠯᠠᠬᠤ ᠠᠵᠢᠯ ᠢ ᠰᠤᠳᠤᠯᠪᠠ ᠃ ᠲᠤᠬᠠᠢ ᠶᠢᠨ | ᠲᠠᠯᠠᠪᠠᠢ ᠶᠢᠨ ᠠᠵᠢᠯ ᠤᠨ ᠬᠤᠷᠠᠯ ᠳᠡᠭᠡᠷ᠎ᠡ ᠂ ᠸᠠᠩ ᠰᠢᠶᠠᠩ ᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠪᠣᠯᠣᠨ ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠲᠥᠪ ᠤᠨ ᠤᠳᠤᠷᠢᠳᠬᠤ ᠨᠥᠬᠦᠳ ᠤᠨ | ᠴᠣᠬᠤᠯᠠᠪᠤᠷᠢ ᠶᠢ ᠤᠯᠠᠮᠵᠢᠯᠠᠭᠰᠠᠨ ᠪᠥᠭᠡᠳ ᠠᠶᠤᠯ ᠠᠴᠠ ᠠᠪᠤᠷᠠᠨ ᠲᠤᠰᠠᠯᠠᠬᠤ ᠂ ᠡᠭᠦᠰᠦᠮᠡᠯ ᠭᠠᠮᠰᠢᠭ ᠢ ᠴᠢᠩᠭ᠎ᠠ | ᠰᠡᠷᠭᠡᠶᠢᠯᠡᠬᠦ ᠂ ᠬᠤᠶᠢᠲᠤᠬᠢ ᠶᠠᠪᠤᠳᠠᠯ ᠢ ᠰᠠᠶᠢᠲᠤᠷ ᠰᠢᠢᠳᠪᠦᠷᠢᠯᠡᠬᠦ ᠂ ᠠᠳᠡᠯ ᠭᠠᠷᠤᠭᠰᠠᠨ ᠰᠢᠯᠲᠠᠭᠠᠨ ᠢ ᠪᠠᠶᠢᠴᠠᠭᠠᠨ | ᠲᠣᠳᠣᠯᠠᠬᠤ ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠵᠡᠷᠭᠡ ᠲᠠᠯ᠎ᠠ ᠪᠠᠷ ᠵᠢᠯᠤᠭᠤᠳᠬᠤ ᠰᠠᠨᠠᠯ ᠳᠤᠷᠠᠳᠴᠠᠢ ᠃ ᠰᠦᠨ ᠱᠤᠤ ᠴᠧᠩ ᠂ ᠡᠨᠡ ᠤᠳᠠᠭ᠎ᠠ ᠶᠢᠨ | ᠨᠡᠭᠦᠷᠡᠰᠦᠨ ᠠᠭᠤᠷᠬᠠᠢ ᠶᠢᠨ ᠶᠡᠭᠦᠷᠡᠭᠰᠡᠨ ᠠᠳᠡᠯ ᠤᠨ ᠪᠠᠶᠢᠳᠠᠯ ᠨᠢ ᠬᠦᠨᠳᠦ ᠨᠣᠴᠢᠲᠠᠢ ᠂ ᠵᠢᠷᠦᠬᠡ ᠰᠢᠮᠰᠢᠷᠡᠮᠡᠷ ᠂ | ᠠᠪᠤᠷᠠᠨ ᠲᠤᠰᠠᠯᠠᠬᠤ ᠠᠵᠢᠯ ᠲᠤᠶᠢᠯ ᠤᠨ ᠪᠠᠴᠢᠮ ᠪᠠᠶᠢᠨ᠎ᠠ ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠶᠡᠷᠦᠩᠬᠡᠢ ᠰᠠᠶᠢᠳ ᠯᠢ ᠺᠧ ᠴᠢᠶᠠᠩ ᠵᠡᠷᠭᠡ ᠲᠥᠪ ᠤᠨ | ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ | ᠤᠯᠤᠰ ᠤᠨ ᠠᠵᠢᠯᠯᠠᠬᠤ ᠳᠤᠭᠤᠶᠢᠯᠠᠩ ᠤᠨ ᠵᠢᠯᠣᠭᠤᠳᠤᠯᠭ᠎ᠠ ᠳᠣᠣᠷ᠎ᠠ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠃ ᠨᠢᠭᠡ ᠳᠤ ᠬᠠᠮᠤᠭ ᠤᠨ ᠶᠡᠭᠡ | ᠴᠢᠷᠮᠠᠶᠢᠯᠭ᠎ᠠ ᠂ ᠬᠠᠮᠤᠭ ᠤᠨ ᠲᠦᠷᠭᠡᠨ ᠬᠤᠷᠳᠤᠴᠠ ᠪᠠᠷ ᠬᠤᠯᠪᠤᠭ᠎ᠠ ᠲᠠᠰᠤᠷᠠᠬᠰᠠᠨ ᠬᠥᠮᠥᠰ ᠢ ᠡᠷᠢᠨ ᠠᠪᠤᠷᠠᠵᠤ ᠂ | ᠠᠵᠢᠯᠲᠠᠨ ᠤ ᠬᠦᠴᠦᠨ ᠪᠠ ᠠᠪᠤᠷᠠᠨ ᠲᠤᠰᠠᠯᠠᠬᠤ ᠲᠥᠬᠦᠭᠡᠷᠦᠮᠵᠢ ᠶᠢ ᠭᠦᠢᠴᠡᠳ ᠪᠡᠯᠡᠳᠬᠡᠵᠦ ᠂ ᠴᠠᠭ ᠮᠥᠴᠡ ᠶᠢ | ᠠᠯᠳᠠᠯ ᠦᠭᠡᠢ ᠴᠢᠷᠮᠠᠶᠢᠵᠤ ᠂ ᠡᠷᠢᠵᠦ ᠠᠪᠤᠷᠠᠬᠤ ᠠᠵᠢᠯ ᠢ ᠵᠣᠭᠰᠣᠯᠲᠠ ᠦᠭᠡᠢ ᠥᠷᠨᠢᠭᠦᠯᠬᠦ ᠬᠡᠷᠡᠭᠲᠡᠢ ᠃ | ᠬᠤᠶᠠᠷ ᠲᠤ ᠰᠢᠨᠵᠢᠯᠡᠬᠦ ᠤᠬᠠᠭᠠᠨᠴᠢ ᠠᠮᠤᠷ ᠲᠦᠪᠰᠢᠨ ᠢᠶᠠᠷ ᠠᠪᠤᠷᠠᠯᠳᠠ ᠬᠢᠵᠦ ᠂ ᠡᠭᠦᠰᠦᠮᠡᠯ ᠭᠠᠮᠰᠢᠭ ᠡᠭᠦᠰᠭᠦ | ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠃ ᠭᠤᠷᠪᠠ ᠳᠤ ᠪᠦᠭᠦ ᠬᠦᠴᠦᠨ ᠢᠶᠠᠷ ᠢᠶᠠᠨ ᠰᠢᠷᠬᠠᠲᠤᠭᠰᠠᠳ ᠢ ᠠᠪᠤᠷᠠᠨ | ᠡᠮᠨᠡᠭᠦ ᠬᠡᠷᠡᠭᠲᠡᠢ ᠃ ᠳᠥᠷᠪᠡ ᠳᠤ ᠲᠣᠬᠤᠨᠢᠭᠤᠯᠬᠤ ᠪᠠ ᠬᠤᠶᠢᠲᠤᠬᠢ ᠶᠠᠪᠤᠳᠠᠯ ᠢ ᠲᠥᠪᠬᠢᠨᠡᠭᠦᠯᠬᠦ ᠵᠡᠷᠭᠡ ᠠᠵᠢᠯ ᠢ | ᠲᠣᠬᠢᠲᠠᠢ ᠰᠠᠶᠢᠲᠤᠷ ᠬᠢᠬᠦ ᠬᠡᠷᠡᠭᠲᠡᠢ ᠃ ᠲᠠᠪᠤ ᠳᠤ ᠠᠳᠡᠯ ᠤᠨ ᠰᠢᠯᠲᠠᠭᠠᠨ ᠢ ᠠᠯᠢ ᠲᠦᠷᠭᠡᠨ ᠢᠶᠠᠷ ᠪᠠᠶᠢᠴᠠᠭᠠᠨ | ᠲᠣᠳᠣᠯᠠᠵᠤ ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ ᠃ ᠵᠢᠷᠭᠤᠭ᠎ᠠ ᠳᠤ ᠮᠡᠳᠡᠭᠡ | ᠵᠠᠩᠭᠢ ᠶᠢ ᠴᠠᠭ ᠲᠤᠬᠠᠢ ᠳᠤᠨᠢ ᠂ ᠣᠨᠣᠪᠴᠢᠲᠠᠢ ᠂ ᠡᠷᠬᠡ ᠰᠦᠷᠲᠦ ᠴᠢᠨᠠᠷᠲᠠᠢ ᠪᠠᠷ ᠨᠡᠶᠢᠲᠡᠯᠡᠵᠦ ᠂ ᠨᠡᠶᠢᠭᠡᠮ ᠤᠨ | ᠠᠩᠬᠠᠷᠤᠯ ᠬᠠᠯᠠᠮᠵᠢᠯᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠬᠦ ᠬᠡᠷᠡᠭᠲᠡᠢ ᠃ ᠲᠤᠯᠤᠭ᠎ᠠ ᠳᠤ ᠵᠢᠯᠤᠭᠤᠳᠬᠤ | ᠰᠢᠰᠲ᠋ᠧᠮ ᠤᠨ ᠥᠨᠳᠥᠷ ᠪᠦᠲᠦᠮᠵᠢᠲᠡᠢ ᠠᠵᠢᠯᠯᠠᠭᠠᠨ ᠢ ᠪᠠᠲᠤᠯᠠᠵᠤ ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠢᠯ ᠢᠶᠠᠨ ᠰᠠᠶᠢᠲᠤᠷ ᠬᠢᠬᠦ ᠬᠡᠷᠡᠭᠲᠡᠢ ᠃ ᠨᠠᠢᠮᠠ ᠳᠤ ᠨᠢᠭᠡ ᠠᠴᠠ | ᠨᠦᠭᠦᠭᠡ ᠶᠢ ᠵᠦᠢᠴᠢᠯᠡᠨ ᠮᠡᠳᠡᠵᠦ ᠪᠦᠭᠦ ᠣᠷᠣᠨ ᠤ ᠬᠡᠪᠴᠢᠶᠡᠨ ᠳᠤ ᠠᠶᠤᠯᠭᠦᠢ ᠦᠢᠯᠡᠳᠪᠦᠷᠢᠯᠡᠯ ᠤᠨ ᠭᠡᠮ | ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠥᠷᠨᠢᠭᠦᠯᠵᠦ ᠂ ᠬᠦᠨᠳᠦ | ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ | ᠬᠡᠷᠡᠭᠲᠡᠢ ᠭᠡᠵᠡᠢ ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠂ ᠳᠠᠶᠢᠴᠢᠨ ᠪᠣᠯᠣᠨ ᠥᠪᠥᠷ | ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠺᠣᠮᠠᠨᠳ᠋ᠯᠠᠭᠴᠢ ᠶᠠᠩ ᠭᠦᠸᠧ ᠠᠨ ᠣᠷᠣᠯᠴᠠᠵᠠᠢ ᠃ | | |