ᠰᠢ ᠶᠢᠨ ᠫᠢᠩ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ — ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠢ ᠡᠵᠡᠮᠳᠡᠵᠦ ᠰᠢᠨ᠎ᠡ ᠴᠠᠭ ᠦᠶ᠎ᠡ ᠳᠤ ᠯᠧᠢ ᠹᠧᠩ ᠤᠨ ᠵᠣᠷᠢᠭ ᠰᠠᠨᠠᠭᠠᠨ ᠤ ᠭᠡᠷᠡᠯ ᠭᠢᠯᠪᠠᠭ᠎ᠠ ᠶᠢ ᠨᠡᠩ ᠰᠠᠴᠤᠷᠠᠭᠤᠯᠬᠤ ᠬᠡᠷᠡᠭᠲᠡᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2023/2/24
    ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠴᠢᠬᠤᠯᠠ ᠵᠢᠭᠠᠪᠤᠷᠢ ᠥᠭᠴᠦ᠂ ᠡᠨᠡ ᠵᠢᠯ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠯᠧᠢ ᠹᠧᠩ ᠨᠥᠬᠦᠷ ᠲᠤ ᠪᠢᠴᠢᠭᠡᠰᠦ ᠪᠢᠴᠢᠵᠦ ᠥᠭᠭᠦᠭᠰᠡᠨ 60 ᠵᠢᠯ ᠤᠨ ᠤᠢ ᠪᠣᠯᠣᠨ᠎ᠠ᠃ 60 ᠵᠢᠯ ᠤᠨ ᠲᠤᠷᠰᠢ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠪᠦᠭᠦ ᠤᠯᠤᠰ ᠲᠤ ᠵᠠᠯᠭᠠᠭ᠎ᠠ ᠪᠠᠷ ᠭᠦᠨᠵᠡᠭᠡᠢ ᠥᠷᠨᠢᠭᠦᠯᠵᠦ᠂ ᠯᠧᠢ ᠹᠧᠩ ᠢ ᠬᠥᠮᠥᠨ ᠪᠣᠯᠭᠠᠨ ᠮᠡᠳᠡᠵᠦ᠂ ᠯᠧᠢ ᠹᠧᠩ ᠤᠨ ᠦᠢᠯᠡ ᠠᠵᠢᠯᠯᠠᠭ᠎ᠠ ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ ᠯᠧᠢ ᠹᠧᠩ ᠤᠨ ᠵᠣᠷᠢᠭ ᠰᠠᠨᠠᠭ᠎ᠠ ᠦᠶ᠎ᠡ ᠦᠶ᠎ᠡ ᠶᠢᠨ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠢ ᠤᠮᠳᠠᠯᠠᠵᠠᠢ᠃ ᠴᠠᠭ ᠦᠶ᠎ᠡ ᠶᠠᠭᠠᠬᠢᠵᠤ ᠬᠤᠪᠢᠷᠠᠭᠰᠠᠨ ᠴᠤ ᠯᠧᠢ ᠹᠧᠩ ᠤᠨ ᠵᠣᠷᠢᠭ ᠰᠠᠨᠠᠭ᠎ᠠ ᠬᠡᠵᠢᠶᠡᠳᠡ ᠴᠠᠭ ᠠᠴᠠ ᠬᠤᠴᠣᠷᠬᠤ ᠦᠭᠡᠢ ᠭᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠢᠨ᠎ᠡ ᠠᠶᠠᠨ ᠳᠤ᠂ ᠯᠧᠢ ᠹᠧᠩ ᠤᠨ ᠵᠣᠷᠢᠭ ᠰᠠᠨᠠᠭ᠎ᠠ ᠶᠢᠨ ᠴᠠᠭ ᠦᠶ᠎ᠡ ᠶᠢᠨ ᠠᠭᠤᠯᠤᠭᠳᠠᠬᠤᠨ ᠢ ᠭᠦᠨᠵᠡᠭᠡᠢ ᠡᠵᠡᠮᠰᠢᠵᠦ᠂ ᠨᠠᠮ ᠤᠨ ᠭᠡᠰᠢᠭᠦᠨ᠂ ᠺᠠᠳ᠋ᠷᠴᠤᠳ ᠤᠨ ᠵᠢᠱᠢᠶᠡᠴᠢ ᠳᠠᠭᠠᠭᠤᠯᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠳᠡᠮᠵᠢᠯᠭᠡ ᠶᠢ ᠴᠢᠩᠭᠠᠳᠬᠠᠵᠤ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠯᠧᠢ ᠹᠧᠩ ᠠᠴᠠ ᠰᠤᠷᠤᠯᠴᠠᠬᠤ ᠶᠢ ᠠᠷᠠᠳ ᠣᠯᠠᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠳᠤᠮᠳᠠ ᠬᠡᠪ ᠵᠠᠩᠰᠢᠯ ᠪᠤᠯᠭᠠᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠡᠳᠦᠷ ᠲᠤᠲᠤᠮ ᠤᠨ ᠠᠵᠢᠯᠯᠠᠭ᠎ᠠ ᠳᠤ ᠠᠭᠤᠰᠤᠯᠴᠠᠭᠤᠯᠵᠤ᠂ ᠪᠠᠶᠢᠩᠭᠤᠵᠢᠭᠤᠯᠵᠤ᠂ ᠯᠧᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠠᠩ ᠭᠡᠷᠡᠯ ᠭᠢᠯᠪᠠᠭ᠎ᠠ ᠰᠠᠴᠤᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ︽ᠯᠧᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠤᠯᠠᠮᠵᠢᠯᠠᠶ᠎ᠠ — ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠯᠧᠢ ᠹᠧᠩ ᠨᠥᠬᠦᠷ ᠲᠤ ᠪᠢᠴᠢᠭᠡᠰᠦ ᠪᠢᠴᠢᠵᠦ ᠥᠭᠭᠦᠭᠰᠡᠨ 60 ᠵᠢᠯ ᠤᠨ ᠣᠶ ᠶᠢ ᠳᠤᠷᠠᠰᠬᠠᠶ᠎ᠠ︾ ᠭᠡᠬᠦ ᠶᠠᠷᠢᠯᠴᠠᠬᠤ ᠬᠤᠷᠠᠯ 2 ᠰᠠᠷ᠎ᠠ ᠶᠢᠨ 23 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ᠃    ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ 60 ᠵᠢᠯ ᠤᠨ ᠲᠤᠷᠰᠢᠬᠢ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠢᠯᠡᠳᠲᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠯᠧᠢ ᠹᠧᠩ ᠤᠨ ᠵᠣᠷᠢᠭ ᠰᠠᠨᠠᠭᠠᠨ ᠤ ᠮᠥᠩᠬᠡ ᠶᠢᠨ ᠦᠨ᠎ᠡ ᠥᠷᠲᠡᠭ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢᠨ᠎ᠡ ᠠᠶᠠᠨ ᠳᠤ ᠯᠧᠢ ᠹᠧᠩ ᠤᠨ ᠵᠣᠷᠢᠭ ᠰᠠᠨᠠᠭ᠎ᠠ ᠶᠢ ᠨᠡᠩ ᠰᠠᠶᠢᠨ ᠪᠠᠳᠠᠷᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠤᠯᠠᠮ ᠴᠢᠨᠠᠭᠰᠢᠳᠠ ᠰᠠᠶᠢᠲᠤᠷ ᠥᠷᠨᠢᠭᠦᠯᠵᠦ᠂ ᠯᠧᠢ ᠹᠧᠩ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠤᠯᠠᠮᠵᠢᠯᠠᠵᠤ᠂ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠭᠦ ᠶᠢ ᠬᠥᠲᠥᠯᠥᠨ ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ ᠭᠡᠵᠦ ᠢᠯᠡᠳᠬᠡᠪᠡ᠃    ᠼᠠᠢ ᠴᠢ᠂ ᠮᠠᠤ ᠽᠧ ᠳ᠋ᠦᠩ ᠨᠥᠬᠦᠷ ︽ᠯᠧᠢ ᠹᠧᠩ ᠨᠥᠬᠦᠷ ᠠᠴᠠ ᠰᠤᠷᠤᠯᠴᠠᠶ᠎ᠠ︾ ᠭᠡᠵᠦ ᠤᠷᠢᠶᠠᠯᠠᠭᠰᠠᠨ 60 ᠵᠢᠯ ᠤᠨ ᠲᠤᠷᠰᠢ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠥᠷᠨᠢᠭᠦᠨ ᠬᠥᠭᠵᠢᠵᠦ᠂ ᠦᠷᠭᠦᠯᠵᠢᠯᠡᠨ ᠭᠦᠨᠵᠡᠭᠡᠶᠢᠷᠡᠵᠦ᠂ ᠯᠧᠢ ᠹᠧᠩ ᠤᠨ ᠵᠣᠷᠢᠭ ᠰᠠᠨᠠᠭ᠎ᠠ ᠶᠢ ᠥᠷᠭᠡᠨ ᠢᠶᠠᠷ ᠪᠠᠳᠠᠷᠠᠭᠤᠯᠵᠤ᠂ ᠦᠶ᠎ᠡ ᠳᠠᠮᠵᠢᠨ ᠤᠯᠠᠮᠵᠢᠯᠠᠵᠤ᠂ ᠦᠶ᠎ᠡ ᠦᠶ᠎ᠡ ᠶᠢᠨ ᠬᠥᠮᠥᠰ ᠤᠨ ᠨᠠᠮ ᠳᠠᠭᠠᠨ ᠦᠨᠡᠨᠴᠢ ᠰᠢᠳᠤᠷᠭᠤ᠂ ᠡᠬᠡ ᠤᠯᠤᠰ ᠲᠠᠭᠠᠨ ᠬᠤᠪᠢ ᠨᠡᠮᠡᠷᠢ ᠦᠵᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠶᠢ ᠵᠣᠷᠢᠭᠵᠢᠭᠤᠯᠪᠠ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠤᠬᠠᠢ ᠠᠯᠢ ᠣᠯᠠᠨ ᠴᠢᠬᠤᠯᠠ ᠥᠭᠦᠯᠡᠯᠲᠡ ᠨᠡᠶᠢᠲᠡᠯᠡᠵᠦ᠂ ᠰᠢᠨ᠎ᠡ ᠴᠠᠭ ᠦᠶ᠎ᠡ ᠶᠢᠨ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠠᠭᠤᠯᠭ᠎ᠠ ᠶᠢ ᠲᠠᠰᠤᠷᠠᠯᠲᠠ ᠦᠭᠡᠢ ᠥᠷᠭᠡᠳᠬᠡᠬᠦ᠂ ᠭᠡᠯᠪᠡᠷᠢ ᠶᠢᠨ ᠰᠢᠨ᠎ᠡ ᠶᠢ ᠡᠭᠦᠳᠭᠦ᠂ ᠠᠴᠢᠶᠠᠯᠠᠭᠴᠢ ᠶᠢ ᠪᠠᠶᠠᠯᠢᠭᠵᠢᠭᠤᠯᠬᠤ ᠶᠢ ᠵᠢᠯᠣᠭᠤᠳᠤᠨ ᠠᠬᠢᠭᠤᠯᠵᠤ᠂ ᠯᠧᠢ ᠹᠧᠩ ᠮᠠᠶ᠋ᠢᠭ ᠤᠨ ᠲᠡᠷᠢᠭᠦᠨ ᠤ ᠬᠠᠮᠲᠤ ᠪᠠ ᠵᠢᠱᠢᠶᠡᠴᠢ ᠬᠥᠮᠥᠰ ᠪᠦᠯᠦᠭ ᠪᠦᠯᠦᠭ ᠢᠶᠠᠷ ᠴᠣᠯᠭᠤᠷᠠᠨ ᠭᠠᠷᠴᠤ᠂ ᠰᠢᠨ᠎ᠡ ᠴᠠᠭ ᠦᠶ᠎ᠡ ᠶᠢᠨ ᠠᠭᠤᠤ ᠶᠡᠭᠡ ᠬᠤᠪᠢᠰᠤᠯᠲᠠ ᠳᠤ ᠤᠨᠲᠠᠷᠠᠰᠢ ᠦᠭᠡᠢ ᠣᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠪᠡ᠃ ᠰᠢᠨ᠎ᠡ ᠠᠶᠠᠨ ᠳᠤ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠬᠦ ᠳᠤ᠂ ᠶᠡᠷᠦᠩᠬᠡᠢ ᠱᠦᠵᠢ ᠰᠢ ᠶᠢᠨ ᠫᠢᠩ ᠤᠨ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠡᠷᠬᠢᠮ ᠳᠡᠭᠡᠳᠦ ᠬᠦᠰᠡᠯᠡᠩ ᠬᠥᠭᠡᠭᠡᠴᠡᠯᠳᠦᠯ ᠢ ᠪᠤᠢ ᠪᠤᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠯᠤᠲᠤ ᠶᠡᠭᠡ ᠬᠠᠯᠠᠭᠤᠨ ᠰᠡᠳᠬᠢᠯᠭᠡ ᠶᠢ ᠬᠥᠭᠵᠢᠭᠡᠵᠦ᠂ ︽ᠬᠤᠶᠠᠷ ᠢ ᠲᠣᠭᠲᠠᠭᠠᠭᠰᠠᠨ︾ ᠢ ᠨᠡᠩ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠬᠤᠪᠢ ᠬᠥᠮᠥᠨ ᠤ ᠬᠥᠭᠡᠭᠡᠴᠡᠯᠳᠦᠯ ᠢᠶᠠᠨ ᠤᠬᠠᠮᠰᠠᠷ ᠠᠴᠠ ᠪᠠᠨ ᠨᠠᠮ ᠪᠠ ᠠᠷᠠᠳ ᠲᠦᠮᠡᠨ ᠤ ᠦᠢᠯᠡᠰ ᠤᠨ ᠳᠥᠯᠥᠭᠡᠨ ᠤ ᠲᠡᠮᠡᠴᠡᠯ ᠳᠤ ᠠᠭᠤᠰᠬᠠᠨ ᠣᠷᠣᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ᠃ ᠯᠧᠢ ᠹᠧᠩ ᠤᠨ ᠵᠣᠷᠢᠭ ᠰᠠᠨᠠᠭ᠎ᠠ ᠶᠢ ᠰᠤᠳᠤᠯᠤᠨ ᠲᠠᠶᠢᠯᠪᠤᠷᠢᠯᠠᠬᠤ᠂ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠨᠠᠮ ᠤᠨ ᠭᠡᠰᠢᠭᠦᠨ᠂ ᠺᠠᠳ᠋ᠷ ᠪᠠ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠲᠠᠪᠴᠠᠩ ᠤᠨ ᠠᠴᠢᠶᠠᠯᠠᠭᠴᠢ ᠶᠢ ᠪᠠᠶᠠᠯᠢᠭᠵᠢᠭᠤᠯᠤᠨ ᠥᠷᠭᠡᠳᠬᠡᠵᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠤᠢ ᠪᠤᠯᠭᠠᠬᠤ ᠶᠢ ᠠᠬᠢᠭᠤᠯᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠨᠡᠩ ᠢᠯᠡᠭᠦᠦ ᠴᠠᠭ ᠦᠶ᠎ᠡ ᠶᠢᠨ ᠲᠠᠲᠠᠬᠤ ᠬᠦᠴᠦᠨ ᠲᠠᠢ ᠪᠤᠯᠭᠠᠵᠤ᠂ ᠪᠠᠶᠢᠩᠭᠤᠵᠢᠭᠤᠯᠤᠨ ᠤᠷᠲᠤ ᠬᠤᠭᠤᠴᠠᠭ᠎ᠠ ᠪᠠᠷ ᠪᠦᠲᠦᠮᠵᠢᠲᠡᠢ ᠪᠤᠯᠭᠠᠬᠤ ᠬᠡᠷᠡᠭᠲᠡᠢ ᠭᠡᠵᠦ ᠢᠯᠡᠳᠬᠡᠪᠡ᠃    ᠯᠢ ᠱᠤ᠋ ᠯᠧᠢ ᠶᠠᠷᠢᠯᠴᠠᠬᠤ ᠬᠤᠷᠠᠯ ᠢ ᠡᠷᠭᠢᠯᠡᠵᠦ᠂ ᠰᠦᠨ ᠴᠦᠨ ᠯᠠᠨ ᠪᠣᠯᠣᠨ ᠮᠢᠶᠣᠣ ᠬᠤᠸᠠ ᠬᠤᠷᠠᠯ ᠳᠤ ᠣᠷᠣᠯᠴᠠᠪᠠ᠃    ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ᠂ ᠰᠤᠷᠭᠠᠨ ᠬᠥᠮᠦᠵᠢᠯ ᠤᠨ ᠶᠠᠮᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠡᠯᠲᠡᠰ᠂ ᠬᠤᠨᠠᠨ ᠮᠤᠵᠢ ᠶᠢᠨ ᠴᠠᠩᠱᠠ ᠬᠤᠲᠠ᠂ ᠯᠢᠶᠣᠤᠨᠢᠩ ᠮᠤᠵᠢ ᠶᠢᠨ ᠹᠦᠱᠦ᠋ᠨ ᠬᠤᠲᠠ ᠪᠣᠯᠣᠨ ᠯᠧᠢ ᠹᠧᠩ ᠤᠨ ᠠᠮᠢᠳᠤ ᠰᠡᠷᠡᠭᠦᠨ ᠪᠠᠶᠢᠬᠤ ᠦᠶ᠎ᠡ ᠶᠢᠨ ᠴᠡᠷᠢᠭ ᠠᠩᠭᠢ ᠶᠢᠨ ᠬᠠᠷᠢᠭᠤᠴᠠᠯᠭᠠᠲᠠᠨ ᠨᠥᠬᠦᠳ᠂ ᠲᠤᠰᠬᠠᠢ ᠮᠡᠷᠭᠡᠵᠢᠯᠲᠡᠨ ᠡᠷᠳᠡᠮᠲᠡᠨ ᠤ ᠲᠥᠯᠥᠭᠡᠯᠡᠭᠴᠢ ᠶᠠᠷᠢᠯᠴᠠᠬᠤ ᠬᠤᠷᠠᠯ ᠳᠡᠭᠡᠷ᠎ᠡ ᠦᠭᠡ ᠬᠡᠯᠡᠵᠡᠢ᠃ ᠶᠠᠷᠢᠯᠴᠠᠬᠤ ᠬᠤᠷᠠᠯ ᠢ ᠲᠥᠪ ᠤᠨ ᠤᠬᠠᠭᠤᠯᠬᠤ ᠬᠡᠯᠲᠡᠰ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ᠂ ᠲᠥᠪ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠢᠯᠤᠭᠤᠳᠬᠤ ᠵᠥᠪᠯᠡᠯ ᠤᠨ ᠠᠯᠪᠠᠨ ᠭᠡᠷ᠂ ᠰᠤᠷᠭᠠᠨ ᠬᠥᠮᠦᠵᠢᠯ ᠤᠨ ᠶᠠᠮᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠡᠯᠲᠡᠰ ᠬᠠᠮᠲᠤᠷᠠᠨ ᠡᠷᠭᠢᠯᠡᠪᠡ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号