ᠵᠠᠷᠯᠠᠯ
ᠨᠡᠶᠢᠲᠡᠯᠡᠭᠰᠡᠨ ᠴᠠᠭ᠄
2023/3/1
  ︽ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠮᠴᠢᠯᠡᠭᠡᠨ ᠤ ᠳᠠᠭᠠᠳᠬᠠᠯ ᠤᠨ ᠡᠷᠬᠢᠯᠡᠨ ᠭᠦᠢᠴᠡᠳᠭᠡᠬᠦ ᠵᠦᠢᠯᠡᠰ ᠢ ᠠᠶᠢᠮᠠᠭ ᠬᠤᠲᠠ ᠳᠤ ᠡᠷᠬᠡ ᠣᠯᠭᠤᠨ ᠳᠠᠭᠠᠭᠠᠯᠭᠠᠨ ᠭᠦᠢᠴᠡᠳᠬᠡᠯᠭᠡᠬᠦ ᠲᠤᠬᠠᠶ ᠮᠡᠳᠡᠭᠳᠡᠯ︾ ︵ᠦᠪᠦᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ ᠠᠯᠪᠠᠨ ᠤ ﹇ 2022 ﹈ 22 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠠᠴᠠ ᠡᠮᠴᠢᠯᠡᠭᠡᠨ ᠤ ᠪᠠᠶᠢᠭᠤᠯᠤᠮᠵᠢ  ᠶᠢᠨ ᠲᠣᠭᠲᠠᠭᠠᠭᠰᠠᠨ ᠡᠮᠨᠡᠯᠭᠡ ᠶᠢᠨ ᠴᠡᠭ ᠢᠶᠠᠷ ᠵᠥᠪᠯᠡᠨ ᠬᠠᠮᠢᠶᠠᠷᠬᠤ ᠪᠠ ᠵᠢᠵᠢᠭᠯᠡᠨ ᠬᠤᠳᠠᠯᠳᠤᠬᠤ ᠲᠣᠭᠲᠠᠭᠠᠭᠰᠠᠨ ᠡᠮ ᠤᠨ ᠳᠡᠯᠭᠡᠭᠦᠷ ᠤᠨ ᠵᠥᠪᠯᠡᠨ ᠬᠠᠮᠢᠶᠠᠷᠬᠤ  ᠶᠢ ᠭᠤᠶᠤᠴᠢᠯᠠᠭᠰᠠᠨ ᠵᠦᠢᠯᠡᠰ ᠢ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠡᠷᠬᠢᠯᠡᠨ ᠭᠦᠢᠴᠡᠳᠭᠡᠬᠦ ᠰᠠᠯᠠᠭ᠎ᠠ ᠮᠥᠴᠢᠷ ᠲᠤ ᠳᠠᠭᠠᠭᠠᠯᠭᠠᠨ ᠭᠦᠢᠴᠡᠳᠭᠡᠯᠭᠡᠵᠦ᠂ ᠳᠠᠬᠢᠨ ᠬᠢᠨᠠᠨ ᠬᠠᠷᠭᠤᠭᠤᠯᠬᠤ ᠶᠢ ᠲᠤᠰᠠᠭᠠᠷ ᠭᠥᠯᠢᠶᠡᠨ ᠠᠪᠬᠤ ᠦᠭᠡᠢ᠃  ᠬᠥᠬᠡᠬᠤᠲᠠ ᠶᠢᠨ ᠲᠣᠭᠲᠠᠭᠰᠠᠨ ᠴᠡᠭ ᠤᠨ ᠬᠡᠪᠴᠢᠶᠡᠨ ᠳᠠᠬᠢ ᠡᠮ ᠡᠮᠨᠡᠯᠭᠡ ᠶᠢᠨ ᠪᠠᠢᠭᠤᠯᠤᠮᠵᠢ ᠳᠤ ᠨᠢᠭᠡᠨᠲᠡ ᠣᠷᠣᠭᠤᠯᠤᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠣᠭᠲᠠᠭᠰᠠᠨ ᠴᠢᠭ ᠲᠤ ᠬᠠᠮᠢᠶᠠᠷᠤᠭᠤᠯᠬᠤ ᠪᠠᠷ ᠭᠤᠶᠤᠴᠢᠯᠠᠬᠤ ᠭᠡᠪᠡᠯ᠂ ᠬᠥᠬᠡᠬᠤᠲᠠ ᠶᠢᠨ ᠬᠠᠮᠢᠶ᠎ᠠ ᠪᠥᠬᠦᠶ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ  ᠢᠶᠠᠷ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠲᠣᠭᠲᠠᠭᠰᠠᠨ ᠴᠡᠭ ᠤᠨ ᠬᠡᠪᠴᠢᠶᠡᠨ ᠳᠤ ᠰᠢᠭᠤᠳ ᠣᠷᠣᠭᠤᠯᠵᠤ᠂ ᠬᠠᠮᠢᠶ᠎ᠠ ᠪᠥᠬᠦᠶ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠪᠠ ᠲᠤᠬᠠᠶ ᠶᠢᠨ ᠭᠠᠵᠠᠷ ᠲᠤ ᠨᠢ ᠰᠢᠯᠭᠠᠨ ᠬᠤᠷᠢᠶᠠᠬᠤ ᠴᠢᠬᠤᠯᠠ ᠥᠬᠡᠶ᠃  ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠥᠪᠳᠡᠯᠴᠡᠬᠡᠷ ᠨᠢ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠬᠤ ᠠᠷᠭ᠎ᠠ ᠮᠠᠶ᠋ᠢᠭ ᠢ ᠠᠪᠴᠤ᠂ ᠡᠯ᠎ᠡ ᠡᠮ ᠡᠮᠨᠡᠯᠭᠡ ᠶᠢᠨ ᠪᠠᠢᠭᠤᠯᠤᠮᠵᠢ ᠨᠢ ︽ᠲᠣᠭᠲᠠᠭᠠᠭᠰᠠᠨ ᠡᠮ ᠡᠮᠨᠡᠯᠭᠡ ᠶᠢᠨ ᠪᠠᠢᠭᠤᠯᠤᠮᠵᠢ ᠶᠢᠨ ᠭᠤᠶᠤᠴᠢᠯᠠᠨ ᠮᠡᠳᠡᠭᠦᠯᠬᠦ ᠠᠵᠢᠯᠯᠠᠭᠠᠨ ᠤ ᠶᠠᠪᠤᠴᠠ︾ ᠶᠢ ᠨᠠᠷᠢᠨ ᠬᠢᠨᠠᠮᠠᠭᠠᠶ ᠵᠢᠷᠤᠮᠯᠠᠨ ᠠᠵᠢᠯᠯᠠᠭᠤᠯᠵᠤ᠂ ᠨᠢᠭᠡᠳᠦᠯᠲᠡᠶ ᠲᠥᠯᠥᠪᠯᠡᠬᠦ ᠣᠷᠣᠨ ᠢ ︽ᠥᠪᠡᠷᠲᠡᠭᠡᠨ ᠵᠠᠰᠠᠬᠤ ᠣᠷᠣᠨ ᠣᠷᠣᠨ ᠤ ᠲᠣᠰ ᠱᠠᠲᠤ︾ ᠶᠢ ᠰᠣᠩᠭᠤᠵᠤ᠂ ᠵᠥᠪᠯᠡᠯᠴᠡᠭᠡᠷ ᠤᠨ ᠲᠥᠷᠥᠯ ᠬᠡᠯᠪᠡᠷᠢ ᠶᠢ ᠪᠣᠳᠠᠲᠠᠶ  ᠪᠠᠨ ᠦᠨᠳᠦᠰᠦᠯᠡᠨ ᠰᠣᠩᠭᠤᠨ᠂ ᠰᠦᠯᠵᠢᠶᠡᠨ ᠳᠤ ᠳᠠᠮᠵᠢᠭᠤᠯᠬᠤ ᠦᠶ᠎ᠡ ᠳᠤ ᠬᠥᠬᠡᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ ᠢᠶᠠᠨ ᠬᠠᠮᠲᠤ ᠳᠤᠨᠢ ᠳᠠᠮᠵᠢᠭᠤᠯᠬᠤ ᠬᠡᠷᠡᠭᠲᠡᠶ᠃  ᠯᠠᠪᠯᠠᠬᠤ ᠤᠲᠠᠰᠤ᠄ 6606240  ᠳᠠᠭᠠᠯᠳᠤᠭᠤᠯᠤᠯ᠄ ︽ᠲᠣᠭᠲᠠᠭᠠᠭᠰᠠᠨ ᠡᠮ ᠡᠮᠨᠡᠯᠭᠡ ᠶᠢᠨ ᠪᠠᠢᠭᠤᠯᠤᠮᠵᠢ ᠶᠢᠨ ᠭᠤᠶᠤᠴᠢᠯᠠᠨ ᠮᠡᠳᠡᠭᠦᠯᠬᠦ ᠠᠵᠢᠯᠯᠠᠭᠠᠨ ᠤ ᠶᠠᠪᠤᠴᠠ︾         ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠦᠪ        2023ᠣᠨ ᠤ3 ᠳ᠋ᠤᠭᠠᠷ ᠰᠠᠷ᠎ᠠ ᠶᠢᠨ1 ᠤ ᠡᠳᠦᠷ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号