ᠰᠢ ᠶᠢᠨ ᠫᠢᠩ ᠢᠰᠫᠠᠨᠢ ᠶᠢᠨ ᠤᠯᠤᠰ ᠤᠨ ᠸᠠᠩ ᠹᠢᠯᠢᠫᠸᠢ ᠵᠢᠷᠭᠤᠳᠤᠭᠠᠷ ᠲᠠᠢ ᠳᠤᠮᠳᠠᠳᠤ ᠢᠰᠫᠠᠨᠢ ᠶᠢᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2023/3/10
  3 ᠰᠠᠷ᠎ᠠ ᠶᠢᠨ 9 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠢᠰᠫᠠᠨᠢ ᠶᠢᠨ ᠤᠯᠤᠰ ᠤᠨ ᠸᠠᠩ ᠹᠢᠯᠢᠫᠸᠢ ᠵᠢᠷᠭᠤᠳᠤᠭᠠᠷ ᠲᠠᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠪᠡ᠃  ᠰᠢ ᠶᠢᠨ ᠫᠢᠩ᠂ ᠳᠤᠮᠳᠠᠳᠤ ᠤᠯᠤᠰ ᠢᠰᠫᠠᠨᠢ ᠯᠤᠭ᠎ᠠ ᠬᠠᠷᠢᠯᠴᠠᠭ᠎ᠠ ᠪᠠᠶᠢᠭᠤᠯᠤᠭᠰᠠᠨ ᠬᠠᠭᠠᠰ ᠵᠠᠭᠤᠨ ᠤ ᠲᠤᠷᠰᠢ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠨᠥᠬᠦᠷᠯᠡᠯ ᠢᠶᠠᠨ ᠭᠦᠨᠵᠡᠭᠡᠶᠢᠷᠡᠭᠦᠯᠵᠦ᠂ ᠬᠠᠮᠲᠤᠷᠠᠯᠴᠠᠭ᠎ᠠ ᠪᠠᠨ ᠠᠬᠢᠭᠤᠯᠵᠤ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠤᠨ ᠬᠥᠭᠵᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠵᠠ ᠵᠢᠷᠭᠠᠯ ᠣᠯᠭᠤᠪᠠ ᠭᠡᠵᠦ ᠵᠢᠭᠠᠵᠤ ᠭᠠᠷᠭᠠᠪᠠ᠃  ᠰᠢ ᠶᠢᠨ ᠫᠢᠩ᠂ ᠪᠢ ᠳᠤᠮᠳᠠᠳᠤ ᠢᠰᠫᠠᠨᠢ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠤᠯᠤᠰ ᠤᠨ ᠸᠠᠩ ᠹᠢᠯᠢᠫᠸᠢ ᠵᠢᠷᠭᠤᠳᠤᠭᠠᠷ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠦᠷᠭᠦᠯᠵᠢᠯᠡᠨ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠵᠦ᠂ ᠠᠷᠠᠳ ᠤᠨ ᠰᠡᠳᠬᠢᠯ ᠤᠨ ᠳᠣᠲᠣᠨᠣᠰᠤᠭ ᠬᠠᠷᠢᠯᠴᠠᠭ᠎ᠠ ᠶᠢ ᠨᠡᠮᠡᠭᠳᠡᠭᠦᠯᠵᠦ᠂ ᠳᠤᠮᠳᠠᠳᠤ ᠢᠰᠫᠠᠨᠢ ᠶᠢᠨ ᠨᠥᠭᠦᠷᠰᠡᠭ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠭᠡᠵᠦ ᠴᠢᠬᠤᠯᠠᠴᠢᠯᠠᠪᠠ᠃ᠹᠢᠯᠢᠫᠸᠢ ᠵᠢᠷᠭᠤᠳᠤᠭᠠᠷ᠂ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠲᠤᠷᠰᠢ᠂ ᠢᠰᠫᠠᠨᠢ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠲᠣᠭᠲᠠᠭᠤᠨ ᠤᠷᠤᠭᠰᠢᠲᠠᠢ ᠶᠠᠪᠤᠭᠳᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠦᠷᠭᠦᠯᠵᠢᠯᠡᠨ ᠠᠬᠢᠵᠤ᠂ ᠠᠷᠠᠳ ᠲᠦᠮᠡᠨ ᠤ ᠨᠥᠬᠦᠷᠯᠡᠯ ᠲᠠᠰᠤᠷᠠᠯᠲᠠ ᠦᠭᠡᠢ ᠭᠦᠨᠵᠡᠭᠡᠶᠢᠷᠡᠪᠡ᠃ ᠬᠤᠶᠠᠷ ᠤᠯᠤᠰ ᠢᠶᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ᠂ ᠨᠥᠭᠦᠷᠰᠡᠭ ᠶᠠᠪᠤᠯᠴᠠᠭ᠎ᠠ ᠪᠣᠯᠣᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠥᠷᠭᠡᠳᠬᠡᠵᠦ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠬᠤᠯᠪᠣᠯᠴᠠᠨ ᠠᠷᠭᠠᠴᠠᠭᠠᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号