ᠤᠯᠤᠰ ᠤᠨ ᠲᠡᠷᠢᠬᠦᠯᠡᠭᠴᠢ ᠰᠢ ᠶᠢᠨ ᠫᠢᠩ ᠲᠡᠷᠢᠬᠦᠯᠡᠭᠴᠢ ᠶᠢᠨ ᠵᠠᠷᠯᠢᠭ ᠲᠤ ᠭᠠᠷ ᠤᠨ ᠦᠰᠦᠭ ᠵᠢᠷᠤᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ᠂ ᠲᠥᠷᠥ ᠶᠢᠨ ᠶᠠᠪᠤᠳᠠᠯ ᠤᠨ ᠭᠡᠰᠢᠭᠦᠨ ᠵᠡᠷᠭᠡ ᠲᠦᠷᠦ ᠶᠢᠨ ᠶᠠᠪᠤᠳᠠᠯ ᠤᠨ ᠬᠤᠷᠢᠶᠠᠨ ᠤ ᠪᠤᠰᠤᠳ ᠪᠦᠷᠢᠯᠳᠦᠬᠦᠨ ᠢ ᠲᠤᠮᠢᠯᠠᠪᠠ
ᠨᠡᠶᠢᠲᠡᠯᠡᠭᠰᠡᠨ ᠴᠠᠭ᠄
2023/3/12
  ᠰᠢᠨᠬᠤᠸᠠ ᠬᠤᠷᠢᠶᠠᠨ ᠤ ᠲᠦᠷᠭᠡᠨ ᠮᠡᠳᠡᠭᠡ᠄ ᠶᠡᠭᠡ ᠬᠤᠷᠠᠯ ᠠᠴᠠ ᠪᠢᠯᠧᠲ ᠥᠭᠴᠦ ᠪᠠᠲᠤᠯᠠᠬᠤ ᠪᠠᠷ      ᠳᠠᠮᠵᠢᠨ᠂ ᠳ᠋ᠢᠩ ᠰᠢᠤᠸᠠᠢ ᠰᠢᠶᠠᠩ᠂ ᠾᠧ ᠯᠢ ᠹᠧᠩ᠂ ᠵᠠᠩ ᠭᠦᠸᠧ ᠴᠢᠩ᠂ ᠯᠢᠦ ᠭᠦᠸᠧ ᠵᠥᠩ ᠢ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠪᠣᠯᠭᠠᠬᠤ ᠪᠠᠷ ᠲᠣᠭᠲᠠᠵᠠᠢ᠃   ᠰᠢᠨᠬᠤᠸᠠ ᠬᠤᠷᠢᠶᠠᠨ ᠤ ᠲᠦᠷᠭᠡᠨ ᠮᠡᠳᠡᠭᠡ᠄ ᠶᠡᠭᠡ ᠬᠤᠷᠠᠯ ᠠᠴᠠ ᠪᠢᠯᠧᠲ ᠥᠭᠴᠦ ᠪᠠᠲᠤᠯᠠᠬᠤ ᠪᠠᠷ     ᠳᠠᠮᠵᠢᠨ᠂ ᠯᠢ ᠱᠠᠩ ᠹᠦ᠋᠂ ᠸᠠᠩ ᠰᠢᠶᠤᠤ ᠬᠤᠩ᠂ ᠦ᠋ ᠵᠧᠩ ᠯᠦᠩ᠂ ᠱᠧᠨ ᠢ ᠴᠢᠨ᠂ ᠴᠢᠨ ᠭᠠᠩ ᠢ ᠲᠦᠷᠦ ᠶᠢᠨ ᠶᠠᠪᠤᠳᠠᠯ ᠤᠨ ᠭᠡᠰᠢᠭᠦᠨ ᠪᠣᠯᠭᠠᠬᠤ ᠪᠠᠷ ᠲᠣᠭᠲᠠᠵᠠᠢ᠃   ᠰᠢᠨᠬᠤᠸᠠ ᠬᠤᠷᠢᠶᠠᠨ ᠤ ᠲᠦᠷᠭᠡᠨ ᠮᠡᠳᠡᠭᠡ᠄ ᠶᠡᠭᠡ ᠬᠤᠷᠠᠯ ᠠᠴᠠ ᠪᠢᠯᠧᠲ ᠥᠭᠴᠦ ᠪᠠᠲᠤᠯᠠᠬᠤ ᠪᠠᠷ     ᠳᠠᠮᠵᠢᠨ᠂ ᠡᠤ ᠵᠧᠩ ᠯᠦᠩ ᠢ ᠲᠦᠷᠦ ᠶᠢᠨ ᠶᠠᠪᠤᠳᠠᠯ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ᠂ ᠴᠢᠨ ᠭᠠᠩ ᠢ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ᠂ ᠯᠢ ᠱᠠᠩ ᠹᠦ᠋ ᠶᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ᠂ ᠵᠧᠩ ᠱᠠᠨ ᠵᠢᠶᠧ ᠶᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ᠂ ᠬᠤᠸᠠᠢ ᠶᠢᠨ ᠫᠧᠩ ᠢ ᠰᠤᠷᠭᠠᠨ ᠬᠥᠮᠥᠵᠢᠯ ᠤᠨ ᠶᠠᠮᠤᠨ ᠤ ᠰᠠᠶᠢᠳ᠂ ᠸᠠᠩ ᡁᠢ ᠭᠠᠩ ᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠠᠶᠢᠳ᠂ ᠶᠢᠨ ᠵᠤᠸᠠᠩ ᠯᠦᠩ ᠢ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠶᠠᠮᠤᠨ ᠤ ᠰᠠᠶᠢᠳ᠂ ᠫᠠᠨ ᠶᠤᠸᠠᠢ ᠶᠢ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ᠂ ᠸᠠᠩ ᠰᠢᠶᠤᠤ ᠬᠤᠩ ᠢ ᠳᠣᠲᠣᠭᠠᠳᠤ ᠶᠢ ᠬᠠᠮᠠᠭᠠᠯᠠᠬᠤ ᠶᠠᠮᠤᠨ ᠤ ᠰᠠᠶᠢᠳ᠂ ᠴᠧᠨ ᠢ ᠰᠢᠨ ᠢ ᠤᠯᠤᠰ ᠤᠨ  ᠠᠮᠤᠷ ᠲᠦᠪᠰᠢᠨ ᠤ ᠶᠠᠮᠤᠨ ᠤ ᠰᠠᠶᠢᠳ᠂ ᠲᠠᠩ ᠳ᠋ᠧᠩ ᠵᠢᠶᠧ ᠶᠢ ᠠᠷᠠᠳ ᠤᠨ ᠶᠠᠪᠤᠳᠠᠯ ᠤᠨ ᠶᠠᠮᠤᠨ ᠤ ᠰᠠᠶᠢᠳ᠂ ᠾᠧ ᠷᠥᠩ ᠢ ᠬᠠᠤᠯᠢ ᠴᠠᠭᠠᠵᠠ ᠶᠢᠨ ᠶᠠᠮᠤᠨ ᠤ ᠰᠠᠶᠢᠳ᠂ ᠯᠢᠦ ᠺᠦᠨ ᠢ ᠡᠳ᠋ ᠤᠨ ᠵᠠᠰᠠᠭ ᠤᠨ ᠶᠠᠮᠤᠨ ᠤ ᠰᠠᠶᠢᠳ᠂ ᠸᠠᠩ ᠰᠢᠶᠣᠣ ᠫᠢᠩ ᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠠᠶᠢᠳ᠂ ᠸᠠᠩ ᠭᠤᠸᠠᠩ ᠬᠤᠸᠠ ᠶᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠶᠢᠳ᠂ ᠬᠤᠸᠠᠩ ᠷᠦᠨ ᠴᠢᠦ ᠶᠢ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠰᠠᠶᠢᠳ᠂ ᠨᠢ ᠬᠤᠩ ᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠠᠶᠢᠳ᠂ ᠯᠢ ᠰᠢᠶᠣᠣ ᠫᠧᠩ ᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠠᠶᠢᠳ᠂ ᠯᠢ ᠭᠥᠸᠧ ᠶᠢᠩ ᠢ ᠤᠰᠤᠨ ᠠᠰᠢᠭᠯᠠᠯᠲᠠ ᠶᠢᠨ ᠶᠠᠮᠤᠨ ᠤ ᠰᠠᠶᠢᠳ᠂ ᠲᠠᠩ ᠷᠧᠨ ᠵᠢᠶᠠᠨ ᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠠᠶᠢᠳ᠂ ᠸᠠᠩ ᠸᠧᠨ ᠲᠣᠣ ᠶᠢ ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠠᠶᠢᠳ᠂ ᠬᠤ᠋ ᠾᠧ ᠫᠢᠩ ᠢ ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠶᠢᠳ᠂ ᠮᠠ ᠰᠢᠶᠤᠤ ᠸᠧᠢ ᠶᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ᠂ ᠫᠧᠢ ᠶᠢᠨ ᠵᠢᠶᠠ ᠶᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠤ ᠰᠠᠶᠢᠳ᠂ ᠸᠠᠩ ᠰᠢᠶᠠᠩ ᠰᠢ ᠶᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠰᠠᠶᠢᠳ᠂ ᠢ ᠭᠠᠩ ᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠳᠠᠷᠤᠭ᠎ᠠ᠂ ᠾᠧᠦ ᠺᠠᠢ ᠶᠢ ᠬᠢᠨᠠᠨ ᠪᠣᠳᠣᠬᠤ ᠵᠠᠬᠢᠷᠭ᠎ᠠ ᠶᠢᠨ ᠬᠢᠨᠠᠨ ᠪᠣᠳᠣᠬᠤ ᠳᠠᠷᠤᠭ᠎ᠠ ᠪᠣᠯᠭᠠᠬᠤ ᠪᠠᠷ ᠲᠣᠭᠲᠠᠵᠠᠢ᠃   ᠰᠢᠨᠬᠤᠸᠠ ᠬᠤᠷᠢᠶᠠᠨ ᠤ ᠲᠦᠷᠭᠡᠨ ᠮᠡᠳᠡᠭᠡ᠄ ᠤᠯᠤᠰ ᠤᠨ ᠲᠡᠷᠢᠬᠦᠯᠡᠭᠴᠢ ᠰᠢ ᠶᠢᠨ ᠫᠢᠩ ᠲᠡᠷᠢᠬᠦᠯᠡᠭᠴᠢ ᠶᠢᠨ ᠵᠠᠷᠯᠢᠭ ᠲᠤ ᠭᠠᠷ ᠤᠨ ᠦᠰᠦᠭ ᠵᠢᠷᠤᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ᠂ ᠲᠥᠷᠥ ᠶᠢᠨ ᠶᠠᠪᠤᠳᠠᠯ ᠤᠨ ᠭᠡᠰᠢᠭᠦᠨ᠂ ᠡᠯ᠎ᠡ ᠶᠠᠮᠤᠨ ᠤ ᠰᠠᠶᠢᠳ᠂ ᠡᠯ᠎ᠡ ᠵᠥᠪᠯᠡᠯ ᠤᠨ ᠡᠷᠬᠢᠯᠡᠭᠴᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠳᠠᠷᠤᠭ᠎ᠠ᠂ ᠬᠢᠨᠠᠨ ᠪᠣᠳᠣᠬᠤ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠶᠢ ᠲᠣᠮᠢᠯᠠᠪᠠ᠃ 
 
ᠢᠷᠡᠯᠲᠡ᠄ ᠦᠨᠡᠨ ᠰᠦᠯᠵᠢᠶᠡᠨ ᠤ ᠸᠢᠴᠠᠲ ᠤᠨ ᠣᠯᠠᠨ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号