ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠠᠷᠠᠯᠲᠠ ᠪᠠ ᠠᠵᠢᠯ ᠤᠨ ᠭᠤᠣᠯᠳᠠᠯᠭ᠎ᠠ ᠶᠢᠨ ᠲᠤᠬᠠᠢ ᠯᠢ ᠴᠢᠶᠠᠩ ᠤᠨ ᠶᠠᠷᠢᠶ᠎ᠠ
ᠨᠡᠶᠢᠲᠡᠯᠡᠭᠰᠡᠨ ᠴᠠᠭ᠄
2023/3/15
  13 ᠤ ᠡᠳᠦᠷ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠲᠠᠪᠬᠤᠷᠯᠢᠭ ᠤᠨ ᠠᠯᠲᠠᠨ ᠥᠩᠭᠡᠲᠦ ᠲᠢᠩᠬᠢᠮ ᠳᠤ ᠰᠤᠷᠪᠤᠯᠵᠢᠯᠠᠬᠴᠢᠳ ᠤᠨ ᠬᠤᠷᠠᠯ ᠳᠤ ᠣᠷᠣᠯᠴᠠᠬᠰᠠᠨ ᠤ ᠬᠠᠮᠲᠤ ᠳᠤᠮᠳᠠᠳᠤ ᠭᠠᠳᠠᠭᠠᠳᠤ ᠶᠢᠨ ᠰᠤᠷᠪᠤᠯᠵᠢᠯᠠᠬᠴᠢᠳ ᠤᠨ ᠳᠤᠷᠠᠳᠤᠭᠰᠠᠨ ᠠᠰᠠᠭᠤᠯᠲᠠ ᠶᠢ ᠬᠠᠷᠢᠭᠤᠯᠪᠠ ᠃  ᠰᠤᠷᠪᠤᠯᠵᠢᠯᠠᠬᠴᠢ ᠄ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠠᠷᠠᠯᠲᠠ ᠨᠢ ᠶᠠᠭᠤ ᠪᠤᠶ ︖ ᠶᠠᠮᠠᠷ ᠶᠠᠮᠠᠷ ᠠᠵᠢᠯ ᠤᠨ ᠭᠤᠣᠯᠳᠠᠯᠭ᠎ᠠ ᠪᠠᠶᠢᠬᠤ ᠪᠤᠶ ︖ ᠠᠵᠢᠯ ᠢᠶᠠᠨ ᠬᠡᠷᠬᠢᠨ ᠥᠷᠨᠢᠭᠦᠯᠬᠦ  ᠪᠠᠷ ᠪᠤᠢ ︖  ᠯᠢ ᠴᠢᠶᠠᠩ ᠄ ᠨᠢᠳᠤᠨᠤᠨ ᠤ 10 ᠰᠠᠷ᠎ᠠ ᠳᠤ ᠬᠤᠷᠠᠯᠳᠤᠭᠤᠯᠤᠭᠰᠠᠨ ᠨᠠᠮ ᠤᠨ ᠬᠤᠷᠢᠳᠤᠭᠠᠷ ᠶᠡᠭᠡ ᠬᠤᠷᠠᠯ ᠳᠤ ᠮᠠᠨ ᠤ ᠤᠯᠤᠰ ᠤᠨ ᠬᠤᠶᠢᠰᠢᠳᠠ ᠶᠢᠨ ᠲᠠᠪᠤᠨ ᠵᠢᠯ ᠪᠠ ᠨᠡᠩ ᠤᠷᠳᠤ ᠬᠤᠭᠤᠴᠠᠭᠠᠨ ᠤ ᠬᠥᠭᠵᠢᠯᠲᠡ ᠳᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ ᠃ ᠤᠯᠠᠨ ᠢᠶᠠᠷ ᠢᠶᠠᠨ ᠨᠡᠯᠢᠶᠡᠳ ᠰᠡᠳᠬᠢᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠠᠴᠠ ᠴᠥᠮ ᠲᠣᠳᠣᠷᠬᠠᠢ ᠬᠠᠷᠢᠭᠤᠯᠲᠠ ᠣᠯᠵᠤ ᠴᠢᠳᠠᠬᠤ ᠶᠤᠮ ᠃  ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ ᠳᠠᠷᠤᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠂ ᠰᠠᠶᠢᠲᠤᠷ ᠨᠠᠶᠢᠳᠠᠪᠤᠷᠢᠵᠢᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠵᠢᠷᠤᠭ ᠲᠥᠰᠥᠪ ᠢ ᠪᠠᠷᠢᠯᠭ᠎ᠠ ᠶᠢᠨ ᠵᠢᠷᠤᠭ ᠲᠥᠯᠥᠪᠯᠡᠭᠡ ᠪᠣᠯᠭᠠᠨ ᠬᠤᠪᠢᠷᠠᠭᠤᠯᠵᠤ ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠂ ᠯᠠᠪᠳᠠᠭᠤᠨ ᠪᠠᠲᠤᠲᠠᠢ ᠪᠠᠷ ᠠᠤᠭ᠎ᠠ ᠵᠢᠷᠤᠭ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ ᠃  ᠬᠤᠶᠢᠰᠢᠳᠠ ᠶᠢᠨ ᠠᠵᠢᠯ ᠤᠨ ᠳᠤᠮᠳᠠ ᠂ ᠡᠶᠢᠮᠦ ᠬᠡᠳᠦᠨ ᠲᠠᠯ᠎ᠠ ᠶᠢ ᠪᠢᠳᠡ ᠭᠤᠣᠯᠳᠠᠯᠭ᠎ᠠ ᠲᠠᠢ ᠡᠵᠡᠮᠳᠡᠬᠦ ᠪᠣᠯᠣᠨ᠎ᠠ ᠄  ᠨᠢᠭᠡᠳᠦᠭᠡᠷ ᠲᠤ ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠯᠠᠪᠳᠠᠭᠤᠨ ᠪᠠᠲᠤᠲᠠᠢ ᠪᠤᠢ ᠪᠣᠯᠭᠠᠨ᠎ᠠ ᠃ ᠦᠨᠡᠨ ᠢ ᠬᠡᠯᠡᠪᠡᠯ ᠂ ᠨᠠᠮ ᠪᠠ ᠵᠠᠰᠠᠭ ᠤᠨ ᠣᠷᠳᠣᠨ ᠤ ᠠᠯᠢᠪᠠ ᠠᠵᠢᠯ ᠤᠨ ᠵᠣᠷᠢᠯᠲᠠ ᠪᠣᠯ ᠠᠷᠠᠳ ᠲᠦᠮᠡᠨ ᠳᠤ ᠪᠤᠶᠠᠨ ᠦᠢᠯᠡᠳᠭᠦ ᠶᠠᠪᠤᠳᠠᠯ ᠪᠣᠯᠣᠨ᠎ᠠ ᠃ ᠶᠡᠷᠦᠩᠬᠡᠢ ᠱᠦᠵᠢ ᠰᠢ ᠶᠢᠨ ᠫᠢᠩ ᠄ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠪᠢᠳᠡᠨ ᠤ ᠲᠡᠮᠡᠴᠡᠬᠦ ᠬᠠᠷᠠᠯᠲᠠ ᠮᠥᠨ ︾ ᠭᠡᠵᠦ ᠬᠡᠯᠡᠵᠦ ᠥᠩᠭᠡᠷᠡᠪᠡ ᠃ ᠪᠢᠳᠡ ᠬᠡᠵᠢᠶ᠎ᠡ ᠴᠦ ᠭᠡᠰᠡᠨ ᠠᠷᠠᠳ ᠤᠨ ᠵᠠᠰᠠᠭ ᠤᠨ ᠣᠷᠳᠣᠨ ᠤ ᠡᠮᠦᠨᠡᠬᠢ ︽ᠠᠷᠠᠳ ᠲᠦᠮᠡᠨ ︾ ᠭᠡᠳᠡᠭ ᠦᠭᠡ ᠶᠢ ᠢᠮᠠᠭᠲᠠ ᠪᠠᠲᠤ ᠴᠡᠭᠡᠵᠢᠯᠡᠵᠦ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ ᠃ ᠪᠤᠰᠤᠳᠴᠢ ᠪᠠᠷ ᠶᠠᠷᠢᠪᠠᠯ ᠂ ᠵᠣᠩᠬᠢᠯᠠᠬᠤ ᠤᠯᠠᠨ ᠲᠣᠭᠠᠨ ᠤ ᠬᠦᠮᠦᠰ GDP ᠶᠢᠨ ᠬᠡᠳᠦᠢ ᠨᠡᠮᠡᠭᠳᠡᠭᠰᠡᠨ ᠢ ᠡᠳᠦᠷᠵᠢᠨ ᠠᠩᠬᠠᠷᠴᠤ ᠦᠵᠡᠬᠦ ᠦᠭᠡᠢ ᠶᠤᠮ ᠂ ᠬᠠᠷᠢᠨ ᠣᠷᠣᠨ ᠰᠠᠭᠤᠴᠠ ᠂ ᠠᠵᠢᠯ ᠣᠯᠭᠤᠯᠲᠠ ᠂ ᠣᠷᠣᠯᠭ᠎ᠠ ᠂ ᠰᠤᠷᠭᠠᠨ ᠬᠥᠮᠦᠵᠢᠯ ᠂ ᠡᠪᠡᠳᠴᠢᠨ ᠦᠵᠡᠭᠦᠯᠭᠦ ᠂ ᠠᠮᠢ ᠠᠬᠤᠢ ᠣᠷᠴᠢᠨ ᠲᠣᠭᠤᠷᠢᠨ ᠵᠡᠷᠭᠡ ᠳᠡᠷᠭᠡᠳᠡᠬᠢ ᠪᠣᠳᠠᠲᠠᠢ ᠶᠠᠪᠤᠳᠠᠯ ᠤᠳ  ᠢᠶᠠᠨ ᠨᠡᠩ ᠠᠩᠬᠠᠷᠴᠤ ᠪᠠᠶᠢᠳᠠᠭ ᠃ ᠵᠠᠰᠠᠭ ᠤᠨ ᠣᠷᠳᠣᠨ ᠤ ᠠᠵᠢᠯ ᠪᠣᠯ ᠠᠷᠠᠳ ᠣᠯᠠᠨ ᠤ ᠪᠣᠳᠠᠲᠠᠢ ᠲᠥᠷᠥᠭᠳᠡᠯ ᠲᠠᠢ ᠣᠶᠢᠷᠠᠲᠤᠭᠤᠯᠵᠤ ᠪᠠᠶᠢᠭᠠᠳ ᠲᠥᠯᠥᠪᠯᠡᠨ ᠠᠬᠢᠭᠤᠯᠵᠤ ᠂ ᠠᠷᠠᠳ ᠲᠦᠮᠡᠨ ᠬᠦᠰᠡᠯ ᠡᠷᠡᠮᠡᠯᠵᠡᠯ ᠲᠠᠢ ᠵᠠᠰᠠᠭ ᠤᠨ ᠣᠷᠳᠣᠨ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠶᠠᠪᠤᠳᠠᠯ ᠪᠣᠯᠣᠨ᠎ᠠ ᠃  ᠬᠤᠶᠠᠳᠤᠭᠠᠷ ᠲᠤ ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ ᠡᠨᠡ ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠤ ᠪᠠᠨ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠬᠦ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠵᠠᠢ ᠃ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠨᠢᠭᠡᠨᠲᠡ ᠯᠤᠲᠤ ᠶᠡᠭᠡ ᠠᠮᠵᠢᠯᠲᠠ ᠪᠦᠲᠦᠮᠵᠢ ᠣᠯᠵᠤ ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠬᠤᠶᠠᠳᠤᠭᠠᠷ ᠲᠤ ᠪᠠᠲᠤᠲᠠᠢ ᠣᠷᠣᠭᠰᠠᠨ ᠪᠤᠯᠪᠠᠴᠤ ᠬᠥᠭᠵᠢᠯᠲᠡ ᠮᠥᠨ ᠲᠡᠩᠴᠡᠭᠦᠷᠢ ᠦᠭᠡᠢ ᠪᠥᠭᠡᠳ ᠭᠦᠢᠴᠡᠳ ᠪᠤᠰᠤ ᠪᠠᠶᠢᠨ᠎ᠠ ᠃ ᠶᠠᠮᠠᠷᠪᠠ ᠨᠢᠭᠡ ᠶᠡᠷᠦᠩᠬᠡᠢ ᠬᠡᠮᠵᠢᠶᠡᠨ ᠤ ᠭᠦᠢᠴᠡᠳᠬᠡᠯ ᠲᠤᠭ᠎ᠠ ᠶᠢ 14 ᠳ᠋ᠦᠩᠰᠢᠭᠤᠷ ᠭᠠᠷᠤᠢ ᠬᠥᠮᠥᠨ ᠠᠮᠠ ᠶᠢᠨ ᠰᠠᠭᠤᠷᠢ ᠲᠤᠭ᠎ᠠ ᠳᠡᠭᠡᠷ᠎ᠡ ᠨᠣᠭᠳᠠᠭᠤᠯᠪᠠᠯ ᠂ ᠬᠥᠮᠥᠨ ᠳᠤᠮᠳᠠᠴᠢ ᠶᠢᠨ ᠬᠢᠷᠢ ᠲᠥᠪᠰᠢᠨ  ᠨᠢ ᠴᠥᠮ ᠨᠡᠯᠢᠶᠡᠳ ᠬᠢᠵᠠᠭᠠᠷ ᠲᠠᠢ ᠪᠠᠶᠢᠳᠠᠭ ᠃ ᠤᠳᠤ ᠮᠠᠨ ᠤ ᠬᠥᠭᠵᠢᠯᠲᠡ ᠳᠤ ᠣᠯᠠᠩᠬᠢ ᠳᠤ ᠪᠠᠨ ᠵᠥᠪᠭᠡᠨ ︽ᠪᠠᠶᠢᠬᠤ ᠡᠰᠡᠬᠦ ︾ ᠠᠰᠠᠭᠤᠳᠠᠯ ᠢ ᠯᠠ ᠰᠢᠢᠳᠪᠦᠷᠢᠯᠡᠵᠦ ᠪᠠᠶᠢᠨ᠎ᠠ ᠂ ᠲᠠᠷᠠᠭᠠᠴᠢ ᠶᠢᠨ ᠠᠯᠬᠤᠮ ᠳᠤ ︽ᠰᠠᠶᠢᠨ ᠡᠰᠡᠬᠦ ︾ ᠠᠰᠠᠭᠤᠳᠠᠯ ᠢ ᠨᠡᠩ ᠴᠢᠬᠤᠯᠠᠴᠢᠯᠠᠨ ᠰᠢᠢᠳᠪᠦᠷᠢᠯᠡᠬᠦ ᠴᠢᠬᠤᠯᠠᠲᠠᠢ ᠂ ᠢᠯᠠᠩᠭᠤᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠨ ᠳᠡᠭᠡᠭᠰᠢᠯᠡᠭᠦᠯᠭᠦ ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠪᠣᠯᠣᠨ᠎ᠠ ᠃ ᠶᠡᠷᠦᠩᠬᠡᠢ ᠳᠤ  ᠨᠢ ᠠᠪᠴᠤ ᠬᠡᠯᠡᠪᠡᠯ ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠶ ᠂ ᠪᠦᠭᠦ ᠲᠠᠯ᠎ᠠ ᠪᠠᠷ ᠲᠤᠭᠤᠰᠢᠯᠠᠭᠤᠯᠤᠨ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠃  ᠭᠤᠷᠪᠠᠳᠤᠭᠠᠷ ᠲᠤ ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ ᠃ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ ᠪᠠᠰᠠ ᠴᠤ ︽ᠥᠭᠡᠷᠡᠴᠢᠯᠡᠯᠲᠡ ᠶᠢᠨ ᠬᠤᠭᠤᠯᠠ ᠶᠢ ᠢᠳᠡᠵᠦ ᠂ ᠨᠡᠭᠡᠭᠡᠯᠲᠡ ᠶᠢᠨ ᠵᠠᠮ ᠢᠶᠠᠷ ᠵᠠᠮᠨᠠᠬᠤ ︾ ᠬᠡᠷᠡᠭᠲᠡᠢ ᠃  ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号