ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠰᠤᠳᠤᠯᠤᠨ ︽ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ ︵ᠵᠠᠰᠠᠪᠤᠷᠢ ᠤᠷᠤᠭᠤᠯᠤᠭᠰᠠᠨ ᠨᠤᠤᠷᠠᠭ︶︾ ᠢ ᠶᠠᠷᠢᠯᠴᠠᠪᠠ ᠰᠢᠨ᠎ᠡ ᠨᠢᠭᠡ ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶ᠎ᠠ ᠡᠭᠦᠷᠭᠡ ᠲᠤᠰᠢᠶᠠᠯ ᠢᠶᠠᠨ ᠪᠥᠬᠦ ᠲᠠᠯ᠎ᠠ ᠪᠠᠷ ᠬᠡᠷᠡᠭᠵᠢᠭᠦᠯᠵᠦ ᠡᠬᠢᠯᠡᠪᠡ
ᠨᠡᠶᠢᠲᠡᠯᠡᠭᠰᠡᠨ ᠴᠠᠭ᠄
2023/3/16
  ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 14 ᠤ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 14 ᠤ ᠡᠳᠦᠷ ᠰᠢᠨ᠎ᠡ ᠨᠢᠭᠡ ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠰᠤᠳᠤᠯᠵᠤ ᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ ︵ᠵᠠᠰᠠᠪᠤᠷᠢ ᠤᠷᠤᠭᠤᠯᠤᠭᠰᠠᠨ ᠨᠤᠤᠷᠠᠭ ︶︾ ᠢ ᠶᠠᠷᠢᠯᠴᠠᠨ ᠂ ᠰᠢᠨ᠎ᠡ ᠨᠢᠭᠡ ᠬᠤᠭᠤᠴᠠᠭᠠᠨ ᠤ ᠲᠦᠷᠦ ᠶᠢᠨ ᠶᠠᠪᠤᠳᠠᠯ ᠤᠨ ᠬᠤᠷᠢᠶ᠎ᠠ ᠡᠭᠦᠷᠭᠡ ᠲᠤᠰᠢᠶᠠᠯ ᠢᠶᠠᠨ ᠪᠦᠬᠦ ᠲᠠᠯ᠎ᠠ ᠪᠠᠷ ᠬᠡᠷᠡᠭᠵᠢᠭᠦᠯᠵᠦ ᠡᠬᠢᠯᠡᠪᠡ ᠃  ᠬᠤᠷᠠᠯ ᠠᠴᠠ ᠴᠢᠬᠤᠯᠠᠴᠢᠯᠠᠬᠤ ᠳᠤ ᠪᠠᠨ ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠠᠯᠢ ᠤᠯᠠᠨ ᠴᠢᠬᠤᠯᠠ ᠶᠠᠷᠢᠶ᠎ᠠ ᠲᠠᠯᠪᠢᠭᠰᠠᠨ ᠨᠢ ᠮᠠᠰᠢ ᠴᠢᠩᠭ᠎ᠠ ᠤᠯᠤᠰ ᠲᠥᠷᠥᠴᠢ ᠴᠢᠨᠠᠷ ᠂ ᠦᠵᠡᠯ ᠰᠠᠨᠠᠭᠠᠨ ᠤ ᠴᠢᠨᠠᠷ ᠂ ᠵᠢᠯᠤᠭᠤᠳᠬᠤ ᠴᠢᠨᠠᠷ ᠂ ᠬᠠᠨᠳᠤᠯᠭᠠᠲᠤ ᠴᠢᠨᠠᠷ ᠲᠠᠢ ᠶᠤᠮ ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠠᠳᠬᠤᠬᠤ ᠬᠡᠷᠡᠭᠲᠡᠢ ᠭᠡᠵᠡᠢ ᠃ ᠬᠤᠷᠠᠯ ᠠᠴᠠ ᠴᠢᠬᠤᠯᠠᠴᠢᠯᠠᠭᠰᠠᠨ ᠨᠢ ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯ ᠡᠩ ᠲᠡᠷᠢᠭᠦᠨ ᠳᠤ ᠤᠯᠤᠰ ᠲᠦᠷᠦ ᠶᠢᠨ ᠪᠠᠶᠢᠭᠤᠯᠭ᠎ᠠ ᠪᠣᠯᠣᠨ᠎ᠠ ᠂ ᠡᠷᠬᠡᠪᠰᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ ᠂ ︽ ᠬᠤᠶᠠᠷ ᠢ ᠳᠤᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠲᠦᠷᠪᠡᠨ ᠤᠬᠠᠮᠰᠠᠷ ︾ ᠢᠶᠠᠨ ᠴᠢᠩᠭᠠᠳᠬᠠᠨ ᠂ ︽ ᠲᠦᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾  ᠶᠢ ᠪᠡᠶᠡᠯᠡᠭᠦᠯᠬᠦ ᠬᠡᠷᠡᠭᠲᠡᠢ ᠃ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠢᠰᠲ᠋ᠧᠮ  ᠲᠠᠢ ᠰᠤᠷᠤᠯᠴᠠᠨ ᠡᠵᠡᠮᠰᠢᠵᠦ ᠂ ᠪᠠᠶᠢᠴᠠᠭᠠᠨ ᠰᠤᠳᠤᠯᠤᠯᠲᠠ ᠬᠢᠬᠦ ᠣᠪᠣᠷ ᠰᠤᠷᠲᠠᠯ ᠢ ᠪᠠᠳᠠᠷᠠᠭᠤᠯᠵᠤ ᠂ ᠴᠢᠬᠤᠯᠠ ᠶᠡᠭᠡ ᠠᠰᠠᠭᠤᠳᠠᠯ ᠢ ᠭᠦᠨᠵᠡᠭᠡᠢ ᠰᠤᠳᠤᠯᠤᠨ ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠳᠤᠷᠠᠳᠴᠤ ᠂ ᠴᠢᠬᠤᠯᠠ ᠶᠡᠭᠡ ᠠᠵᠢᠯ ᠢ ᠠᠬᠢᠭᠤᠯᠤᠨ ᠂ ᠪᠦᠲᠦᠭᠡᠯᠴᠢ ᠪᠠᠷ ᠡᠯ᠎ᠡ ᠵᠦᠢᠯ ᠤᠨ ᠡᠭᠦᠷᠭᠡ ᠶᠢ ᠪᠣᠳᠠᠲᠠᠢ ᠮᠥᠷᠲᠡᠭᠡᠨ ᠰᠠᠶᠢᠲᠤᠷ ᠠᠳᠬᠤᠬᠤ ᠬᠡᠷᠡᠭᠲᠡᠢ ᠃ ᠪᠥᠬᠦ ᠲᠠᠯ᠎ᠠ  ᠶᠢᠨ ᠤᠬᠠᠮᠰᠠᠷ ᠢᠶᠠᠨ ᠴᠢᠩᠭᠠᠳᠬᠠᠨ ᠂ ᠪᠦᠯᠬᠦᠮᠳᠡᠯᠲᠡᠢ ᠪᠠᠷ ᠬᠠᠮᠲᠤᠷᠠᠨ ᠠᠵᠢᠯᠯᠠᠵᠤ ᠂ ᠬᠦᠴᠦ ᠨᠢᠭᠡᠳᠦᠨ ᠦᠢᠯᠡᠰ ᠴᠣᠭᠴᠠᠯᠠᠵᠤ ᠂ ᠬᠠᠷᠢᠯᠴᠠᠨ ᠳᠡᠮᠵᠢᠯᠴᠠᠨ ᠂ ᠬᠠᠷᠢᠯᠴᠠᠨ ᠬᠠᠮᠵᠢᠯᠴᠠᠵᠤ ᠂ ᠵᠣᠬᠢᠴᠠᠩᠭᠤᠢ ᠪᠥᠭᠡᠳ ᠥᠨᠳᠥᠷ ᠪᠦᠲᠦᠮᠵᠢᠲᠡᠢ ᠪᠠᠷ ᠠᠵᠢᠯ ᠢᠶᠠᠨ ᠥᠷᠨᠢᠭᠦᠯᠬᠦ ᠬᠡᠷᠡᠭᠲᠡᠢ ᠭᠡᠰᠡᠨ ᠪᠠᠶᠢᠨ᠎ᠠ ᠃  ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠠᠴᠠ ᠬᠢᠨᠠᠨ ᠪᠠᠲᠤᠯᠠᠭᠰᠠᠨ ︽ ᠨᠠᠮ ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︾ ᠪᠣᠯᠣᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠬᠢᠨᠠᠨ ᠵᠥᠪᠰᠢᠶᠡᠷᠡᠭᠰᠡᠨ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠢ ᠦᠨᠳᠦᠰᠦᠯᠡᠨ ᠂ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠭᠤᠳ ᠬᠠᠷᠢᠶ᠎ᠠ ᠣᠨᠴᠠ ᠲᠣᠬᠢᠷᠠᠭᠤᠯᠤᠭᠰᠠᠨ ᠪᠠᠶᠢᠭᠤᠯᠤᠮᠵᠢ ᠂ ᠰᠢᠭᠤᠳ ᠬᠠᠷᠢᠶ᠎ᠠ ᠪᠠᠶᠢᠭᠤᠯᠤᠮᠵᠢ ᠂ ᠬᠡᠷᠡᠭ ᠡᠷᠬᠢᠯᠡᠬᠦ ᠪᠠᠶᠢᠭᠤᠯᠤᠮᠵᠢ ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠂ ᠶᠠᠮᠤᠨ ᠬᠤᠷᠢᠶ᠎ᠠ ᠶᠢᠨ ᠬᠠᠮᠢᠶᠠᠷᠴᠤ ᠪᠠᠶᠢᠭ᠎ᠠ ᠤᠯᠤᠰ ᠤᠨ ᠲᠣᠪᠴᠢᠶ᠎ᠠ ᠶᠢᠨ ᠪᠠᠶᠢᠷᠢᠯᠠᠭᠤᠯᠤᠯᠲᠠ ᠶᠢ ᠬᠢᠨᠠᠨ ᠪᠠᠲᠤᠯᠠᠪᠠ ᠃ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠪᠣᠯ ᠣᠳᠣᠬᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ ᠃ ᠪᠢᠳᠡ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨ ᠬᠦ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠤᠯᠤᠰ ᠲᠦᠷᠦ ᠶᠢ ᠡᠷᠬᠢᠮᠯᠡᠨ᠂ ᠪᠥᠬᠦ ᠲᠠᠯ᠎ᠠ ᠶᠢ ᠬᠠᠷᠠᠭᠠᠯᠵᠠᠵᠤ ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠤ ᠂ ᠪᠠᠶᠢᠭᠤᠯᠤᠮᠵᠢ ᠂ ᠡᠭᠦᠷᠭᠡ ᠬᠠᠷᠢᠭᠤᠴᠠᠯᠭ᠎ᠠ ᠂ ᠡᠩᠨᠡᠭᠡ ᠵᠡᠷᠭᠡ ᠶᠢ ᠴᠠᠭ ᠲᠤᠬᠠᠢ  ᠳᠤ ᠨᠢ ᠵᠦᠢ ᠵᠣᠬᠢᠰᠲᠠᠢ ᠲᠣᠬᠢᠷᠠᠭᠤᠯᠬᠤ ᠶᠢ ᠪᠠᠲᠤᠯᠠᠵᠤ ᠂ ᠥᠭᠡᠷᠡᠴᠢᠯᠡᠯᠲᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠬᠡᠪ ᠤᠨ ᠶᠤᠰᠤᠭᠠᠷ ᠥᠷᠨᠢᠭᠦᠯᠵᠦ ᠂ ᠡᠮᠬᠢ ᠵᠢᠷᠤᠮ ᠲᠠᠢ ᠵᠣᠯᠭᠠᠭᠤᠯᠬᠤ ᠶᠢ ᠪᠠᠲᠤᠯᠠᠬᠤ ᠬᠡᠷᠡᠭᠲᠡᠢ ᠃ ᠡᠨᠡ ᠤᠳᠠᠭ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠤᠯᠠᠮ ᠨᠢᠭᠡ ᠠᠯᠬᠤᠮ ᠬᠤᠪᠢᠷᠠᠭᠤᠯᠵᠤ ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ ᠂ ᠠᠵᠢᠯ ᠤᠨ ᠣᠪᠣᠷ ᠰᠤᠷᠲᠠᠯ ᠢᠶᠠᠨ ᠰᠠᠶᠢᠵᠢᠷᠠᠭᠤᠯᠤᠨ ᠂ ᠦᠷ᠎ᠡ ᠪᠦᠲᠦᠮᠵᠢᠲᠠᠢ ᠵᠠᠬ᠎ᠠ ᠳᠡᠯᠭᠡᠭᠦᠷ ᠪᠣᠯᠣᠨ ᠠᠵᠢᠯ ᠦᠢᠯᠡᠰᠴᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠬᠤᠷᠠᠯ ᠠᠴᠠ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ ︾ ᠢ ᠶᠠᠷᠢᠯᠴᠠᠵᠤ ᠂ ᠵᠠᠰᠠᠪᠤᠷᠢ ᠤᠷᠤᠭᠤᠯᠤᠭᠰᠠᠨ ᠨᠣᠣᠷᠠᠭ ᠢ ᠲᠦᠷᠦ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠪᠦᠬᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ ᠃ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯ ᠢ ᠰᠠᠶᠢᠲᠤᠷ ᠬᠢᠬᠦ ᠳᠤ ᠂ ᠡᠷᠬᠡᠪᠰᠢ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠪᠠᠷ ᠬᠠᠮᠤᠭ ᠤᠨ ᠦᠨᠳᠦᠰᠦᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠪᠣᠯᠭᠠᠵᠤ ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ ᠂ ᠤᠬᠠᠮᠰᠠᠷ ᠠᠴᠠ ᠪᠠᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠱᠠᠭᠠᠷᠳᠠᠯᠭ᠎ᠠ ᠲᠠᠢ ᠬᠠᠷᠭᠤᠭᠤᠯᠤᠨ ᠪᠠᠶᠢᠴᠠᠭᠠᠵᠤ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ ᠂ ᠵᠠᠰᠠᠭ ᠤᠨ ᠣᠷᠳᠣᠨ ᠤ ᠠᠵᠢᠯ ᠤᠨ ᠳᠦᠷᠢᠮᠵᠢᠯ ᠲᠠᠢ ᠡᠮᠬᠢ ᠵᠢᠷᠤᠮ ᠲᠠᠢ ᠥᠨᠳᠥᠷ ᠪᠦᠲᠦᠮᠵᠢᠲᠡᠶ ᠠᠵᠢᠯᠯᠠᠭᠠᠨ ᠢ ᠲᠦᠯᠬᠢᠨ ᠠᠬᠢᠭᠤᠯᠬᠤ ᠬᠡᠷᠡᠭᠲᠡᠢ ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃  ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号