ᠰᠢ ᠶᠢᠨ ᠫᠢᠩ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2023/3/21
  ᠰᠢᠨᠬᠤᠸᠠ ᠬᠤᠷᠢᠶ᠎ᠠ ᠶᠢᠨ ᠮᠣᠰᠺᠸᠠ ᠶᠢᠨ 3 ᠰᠠᠷ᠎ᠠ ᠶᠢᠨ 20 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 3 ᠰᠠᠷ᠎ᠠ ᠶᠢᠨ 20 ᠤ ᠦᠳᠡ ᠶᠢᠨ ᠬᠤᠶᠢᠨ᠎ᠠ᠂ ᠰᠠᠶ᠋ᠢᠬᠠᠨ ᠮᠣᠰᠺᠸᠠ ᠳᠤ ᠭᠦᠷᠦᠭᠰᠡᠨ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠪᠠᠷ ᠺᠧᠷᠮᠯᠢ ᠣᠷᠳᠣᠨ ᠳᠤ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠠᠭᠤᠯᠵᠠᠪᠠ᠃  ᠰᠢ ᠶᠢᠨ ᠫᠢᠩ ᠢ ᠬᠦᠷᠬᠦ ᠦᠶ᠎ᠡ ᠳᠤ᠂ ᠺᠧᠷᠮᠯᠢ ᠣᠷᠳᠣᠨ ᠤ ᠺᠣᠮᠠᠨᠳ᠋ᠯᠠᠭᠴᠢ ᠲᠡᠷᠭᠡᠨ ᠠᠴᠠ ᠪᠠᠭᠤᠬᠤ ᠭᠠᠵᠠᠷ ᠠᠴᠠ ᠤᠭᠲᠤᠪᠠ᠃ ᠶᠡᠷᠦᠩᠬᠡᠶᠢᠯᠡᠭᠴᠢ ᠫᠦᠲ᠋ᠢᠨ ᠰᠢ ᠶᠢᠨ ᠫᠢᠩ ᠲᠠᠢ ᠬᠠᠯᠠᠭᠤᠨ ᠢᠶᠠᠷ ᠭᠠᠷ ᠠᠳᠬᠤᠭᠰᠠᠨ ᠪᠥᠭᠡᠳ ᠬᠠᠮᠲᠤ ᠭᠡᠷᠡᠯ ᠵᠢᠷᠤᠭ ᠲᠠᠲᠠᠭᠤᠯᠪᠠ᠃ ᠬᠤᠶᠠᠷ ᠤᠯᠤᠰ ᠤᠨ ᠲᠡᠷᠢᠭᠦᠨ ᠳᠤᠮᠳᠠᠳᠤ ᠣᠷᠣᠰ ᠤᠨ ᠬᠠᠷᠢᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ᠂ ᠴᠢᠩ ᠦᠨᠡᠨᠴᠢ ᠪᠠᠷ ᠰᠣᠯᠢᠯᠴᠠᠪᠠ᠃  ᠰᠢ ᠶᠢᠨ ᠫᠢᠩ᠂ ᠶᠡᠷᠦᠩᠬᠡᠶᠢᠯᠡᠭᠴᠢ ᠫᠦᠲ᠋ᠢᠨ ᠤ ᠤᠷᠢᠯᠭ᠎ᠠ ᠪᠠᠷ ᠤᠷᠤᠰ ᠲᠤ ᠳᠠᠬᠢᠨᠲᠠ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠠᠷᠪᠠᠨ ᠵᠢᠯ ᠤᠨ ᠡᠮᠦᠨ᠎ᠡ ᠪᠢ ᠤᠯᠤᠰ ᠤᠨ ᠲᠡᠷᠢᠭᠦᠯᠡᠭᠴᠢ ᠶᠢᠨ ᠲᠤᠰᠢᠶᠠᠯ ᠳᠤ ᠭᠠᠷᠤᠭᠰᠠᠨ ᠤ ᠳᠠᠷᠠᠭᠠᠬᠢ ᠠᠩᠬᠠᠳᠠᠭᠴᠢ ᠠᠶᠢᠯᠴᠢᠯᠠᠯᠲᠠ ᠳᠠᠭᠠᠨ ᠤᠷᠤᠰ ᠢ ᠰᠣᠩᠭᠤᠭᠰᠠᠨ ᠢᠶᠠᠨ ᠤᠳᠤ ᠪᠤᠯᠲᠠᠯ᠎ᠠ ᠲᠣᠪ ᠲᠣᠳᠣᠷᠬᠠᠢ ᠴᠡᠭᠡᠵᠢᠯᠡᠭᠰᠡᠭᠡᠷ ᠪᠠᠶᠢᠨ᠎ᠠ᠃ ᠠᠷᠪᠠᠨ ᠵᠢᠯ ᠤᠨ ᠲᠤᠷᠰᠢ᠂ ᠪᠢ ᠶᠡᠷᠦᠩᠬᠡᠶᠢᠯᠡᠭᠴᠢ ᠫᠦᠲ᠋ᠢᠨ ᠯᠦᠭᠡ ᠶᠢᠨ ᠨᠢᠭᠲᠠ ᠬᠠᠷᠢᠯᠴᠠᠭ᠎ᠠ ᠪᠠᠨ ᠪᠠᠲᠤᠯᠠᠪᠠ᠃ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠳᠡᠭᠡᠷ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠶᠢᠨ ᠲᠤᠰᠢᠶᠠᠯ ᠢ ᠦᠷᠭᠦᠯᠵᠢᠯᠡᠨ ᠡᠭᠦᠷᠭᠡᠯᠡᠭᠰᠡᠨ ᠴᠦ ᠲᠡᠷᠡ᠂ ᠲᠦᠷᠦᠭᠦᠬᠡᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠪᠠᠷ ᠳᠠᠬᠢᠨᠲᠠ ᠰᠣᠩᠭᠤᠭᠳᠠᠭᠰᠠᠨ ᠴᠤ ᠲᠡᠷᠡ᠂ ᠲᠡᠷᠡ ᠳᠣᠣᠷ᠎ᠠ ᠨᠢ ᠨᠠᠳᠠ ᠳᠤ ᠪᠠᠶᠠᠷ ᠤᠨ ᠴᠠᠭᠢᠯᠭᠠᠨ ᠴᠢᠮᠡᠭᠡ ᠢᠷᠡᠭᠦᠯᠦᠭᠰᠡᠨ ᠳᠤ ᠲᠠᠨᠢ ᠪᠢ ᠭᠦᠨ ᠲᠠᠯᠠᠷᠬᠠᠵᠤ ᠪᠠᠶᠢᠨ᠎ᠠ᠃ ᠣᠷᠣᠰ ᠢᠷᠡᠬᠦ ᠵᠢᠯ ᠶᠡᠷᠦᠩᠬᠡᠶᠢᠯᠡᠭᠴᠢ ᠶᠢᠨ ᠰᠣᠩᠭᠤᠭᠤᠯᠢ ᠶᠠᠪᠤᠭᠤᠯᠬᠤ ᠪᠣᠯᠣᠨ᠎ᠠ᠃ ᠲᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠷᠤᠰ ᠤᠨ ᠬᠥᠭᠵᠢᠯ ᠮᠠᠨᠳᠤᠯ ᠲᠦᠷᠭᠡᠨ ᠠᠬᠢᠴᠠ ᠲᠠᠢ ᠪᠣᠯᠪᠠ᠃ ᠤᠷᠤᠰ ᠤᠨ ᠠᠷᠠᠳ ᠲᠦᠮᠡᠨ ᠯᠠᠪᠲᠠᠢ ᠦᠷᠭᠦᠯᠵᠢᠯᠡᠨ ᠲᠠᠨ ᠳᠤ ᠡᠷᠡᠰ ᠳᠡᠮᠵᠢᠯᠭᠡ ᠦᠵᠡᠭᠦᠯᠦᠨ᠎ᠡ ᠭᠡᠳᠡᠭ ᠢ ᠪᠢ ᠪᠠᠲᠤ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃  ᠰᠢ ᠶᠢᠨ ᠫᠢᠩ᠂ ᠳᠤᠮᠳᠠᠳᠤ ᠤᠷᠤᠰ ᠤᠨ ᠬᠠᠷᠢᠯᠴᠠᠭ᠎ᠠ ᠥᠨᠥᠳᠥᠷ ᠪᠤᠯᠲᠠᠯ᠎ᠠ ᠬᠥᠭᠵᠢᠭᠰᠡᠨ ᠨᠢ ᠭᠦᠨᠵᠡᠭᠡᠢ ᠲᠡᠦᠬᠡ ᠶᠢᠨ ᠯᠣᠭᠢᠭ ᠲᠠᠢ ᠶᠤᠮ᠃ ᠬᠠᠮᠤᠭ ᠤᠨ ᠶᠡᠭᠡ ᠬᠥᠷᠰᠢ ᠤᠯᠤᠰ ᠪᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠪᠣᠯᠤᠭᠰᠠᠨ ᠤ ᠬᠤᠪᠢ ᠳᠤ᠂ ᠳᠤᠮᠳᠠᠳᠤ ᠤᠷᠤᠰ ᠤᠨ ᠬᠠᠷᠢᠯᠴᠠᠭ᠎ᠠ ᠨᠢ ᠲᠤᠰ ᠲᠤᠰ ᠤᠨ ᠢᠶᠠᠨ ᠭᠠᠳᠠᠭᠠᠳᠤ ᠬᠠᠷᠢᠯᠴᠠᠭᠠᠨ ᠤ ᠪᠦᠭᠦ ᠲᠠᠯ᠎ᠠ ᠪᠠ ᠭᠠᠳᠠᠭᠠᠳᠤ ᠲᠦᠷᠦ ᠶᠢᠨ ᠪᠣᠳᠣᠯᠭ᠎ᠠ ᠳᠤ ᠪᠦᠷ ᠲᠡᠷᠢᠭᠦᠨ ᠪᠠᠶᠢᠷᠢ ᠶᠢ ᠡᠵᠡᠯᠡᠵᠦ ᠪᠠᠶᠢᠨ᠎ᠠ᠃ ᠳᠤᠮᠳᠠᠳᠤ ᠤᠯᠤᠰ ᠶᠡᠷᠦ ᠠᠴᠠ ᠪᠡᠶ᠎ᠡ ᠪᠠᠨ ᠳᠠᠭᠠᠭᠠᠵᠤ ᠡᠵᠡᠨ ᠮᠡᠳᠡᠭᠦ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠪᠠᠷᠢᠮᠲᠠᠯᠠᠭᠰᠠᠭᠠᠷ ᠢᠷᠡᠭᠰᠡᠨ ᠶᠤᠮ᠃ ᠳᠤᠮᠳᠠᠳᠤ ᠤᠷᠤᠰ ᠤᠨ ᠬᠠᠷᠢᠯᠴᠠᠭ᠎ᠠ ᠶᠢ ᠰᠠᠶᠢᠲᠤᠷ ᠪᠠᠬᠢᠵᠢᠭᠦᠯᠵᠦ᠂ ᠰᠠᠶᠢᠲᠤᠷ ᠬᠥᠭᠵᠢᠭᠦᠯᠬᠦ ᠪᠣᠯ ᠳᠤᠮᠳᠠᠳᠤ ᠤᠯᠤᠰ ᠤᠨ ᠲᠤᠰ ᠪᠡᠶ᠎ᠡ ᠶᠢᠨ ᠦᠨᠳᠦᠰᠦᠨ ᠠᠰᠢᠭ ᠲᠤᠰᠠ ᠪᠣᠯᠣᠨ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠳᠤ ᠰᠠᠭᠤᠷᠢᠯᠠᠵᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ᠃ ᠳᠤᠮᠳᠠᠳᠤ ᠤᠯᠤᠰ ᠤᠨ ᠣᠷᠣᠰ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠬᠤ ᠶᠡᠭᠡ ᠴᠢᠭᠯᠡᠯ ᠤᠬᠳᠤ ᠭᠤᠶᠢᠪᠢᠰᠢ ᠦᠭᠡᠢ ᠶᠤᠮ᠃ ᠳᠤᠮᠳᠠᠳᠤ ᠤᠷᠤᠰ ᠴᠥᠮ ᠤᠯᠤᠰ ᠣᠷᠣᠨ ᠤ ᠬᠥᠭᠵᠢᠯ ᠮᠠᠨᠳᠤᠯ ᠢ ᠪᠡᠶᠡᠯᠡᠭᠦᠯᠬᠦ ᠪᠠᠷ ᠴᠢᠷᠮᠠᠶᠢᠵᠤ᠂ ᠴᠥᠮ ᠳᠡᠯᠡᠬᠡᠢ ᠶᠢᠨ ᠤᠯᠠᠨ ᠲᠦᠢᠯᠵᠢᠯᠳᠡ ᠶᠢ ᠳᠡᠮᠵᠢᠵᠦ᠂ ᠴᠥᠮ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯᠲᠠ ᠶᠢ ᠠᠬᠢᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯᠠᠲᠤ ᠲᠠᠪᠴᠠᠩ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠲᠤᠰ ᠲᠤᠰ ᠤᠨ ᠤᠯᠤᠰ ᠤᠨ ᠢᠶᠠᠨ ᠬᠥᠭᠵᠢᠯ ᠮᠠᠨᠳᠤᠯ ᠳᠤ ᠬᠦᠴᠦᠨ ᠨᠡᠮᠡᠷᠢᠯᠡᠵᠦ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠤ ᠭᠤᠣᠯ ᠲᠤᠯᠭᠠᠭᠤᠷᠢ ᠪᠣᠯᠣᠶ᠎ᠠ ᠭᠡᠵᠦ ᠴᠢᠬᠤᠯᠠᠴᠢᠯᠠᠪᠠ᠃  ᠫᠦᠲ᠋ᠢᠨ ᠰᠢ ᠶᠢᠨ ᠫᠢᠩ ᠤᠨ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢ ᠬᠠᠯᠠᠭᠤᠨ ᠢᠶᠠᠷ ᠤᠭᠲᠤᠵᠤ᠂ ᠰᠢ ᠶᠢᠨ ᠫᠢᠩ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠦᠷᠭᠦᠯᠵᠢᠯᠡᠨ ᠡᠭᠦᠷᠭᠡᠯᠡᠭᠰᠡᠨ ᠳᠤ ᠬᠠᠯᠠᠭᠤᠨ ᠪᠠᠶᠠᠷ ᠬᠦᠷᠭᠡᠪᠡ᠃ ᠫᠦᠲ᠋ᠢᠨ᠂ ᠥᠩᠭᠡᠷᠡᠭᠰᠡᠨ ᠠᠷᠪᠠᠨ ᠵᠢᠯ ᠤᠨ ᠲᠤᠷᠰᠢ᠂ ᠳᠤᠮᠳᠠᠳᠤ ᠤᠯᠤᠰ ᠤᠨ ᠡᠯ᠎ᠡ ᠲᠠᠯ᠎ᠠ ᠶᠢᠨ ᠬᠥᠭᠵᠢᠯᠲᠡ ᠴᠥᠮ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠭᠤᠤ ᠶᠡᠭᠡ ᠠᠮᠵᠢᠯᠲᠠ ᠣᠯᠵᠠᠢ᠂ ᠡᠨᠡ ᠨᠢ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠶᠢᠨ ᠠᠴᠢ ᠭᠠᠪᠢᠶ᠎ᠠ ᠪᠤᠯᠬᠤ ᠪᠥᠭᠡᠳ ᠪᠠᠰᠠ ᠳᠤᠮᠳᠠᠳᠤ ᠤᠯᠤᠰ ᠤᠨ ᠤᠯᠤᠰ ᠤᠨ ᠪᠠᠶᠢᠭᠤᠯᠤᠯ ᠪᠣᠯᠣᠨ ᠵᠠᠰᠠᠯᠲᠠ ᠶᠢᠨ ᠰᠢᠰᠲ᠋ᠧᠮ ᠤᠨ ᠳᠠᠪᠠᠭᠤᠯᠢᠭ ᠢ ᠭᠡᠷᠡᠴᠢᠯᠡᠭᠰᠡᠨ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠯᠠᠪᠲᠠᠢ ᠦᠷᠭᠦᠯᠵᠢᠯᠡᠨ ᠬᠥᠭᠵᠢᠨ ᠴᠡᠴᠡᠭᠯᠡᠵᠦ᠂ ᠡᠯ᠎ᠡ ᠵᠦᠢᠯ ᠤᠨ ᠲᠣᠭᠲᠠᠭᠰᠠᠨ ᠠᠤᠭ᠎ᠠ ᠬᠠᠷᠠᠯᠲᠠ ᠪᠠᠨ ᠤᠷᠤᠭᠰᠢᠲᠠᠢ ᠪᠡᠶᠡᠯᠡᠭᠦᠯᠬᠦ ᠶᠢ ᠪᠢ ᠪᠠᠲᠤ ᠢᠲᠡᠭᠡᠵᠦ ᠪᠠᠶᠢᠨ᠎ᠠ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠣᠶᠢᠷ᠎ᠠ ᠶᠢᠨ ᠵᠢᠯ ᠳᠤ ᠤᠷᠤᠰ ᠳᠤᠮᠳᠠᠳᠤ ᠶᠢᠨ ᠬᠠᠷᠢᠯᠴᠠᠭ᠎ᠠ ᠡᠯ᠎ᠡ ᠬᠦᠷᠢᠶᠡᠨ ᠳᠤ ᠴᠥᠮ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠤᠯᠤᠰ ᠤᠨ ᠬᠡᠷᠡᠭ ᠶᠠᠪᠤᠳᠠᠯ ᠳᠠᠬᠢ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠤᠯᠠᠨ ᠲᠦᠢᠯᠵᠢᠯᠳᠡ ᠪᠠ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯ ᠤᠨ ᠠᠬᠢᠴᠠ ᠶᠢ ᠠᠬᠢᠭᠤᠯᠤᠨ᠎ᠠ ᠭᠡᠵᠦ ᠢᠯᠡᠳᠬᠡᠪᠡ᠃ ᠬᠤᠶᠠᠷ ᠲᠠᠯ᠎ᠠ ᠪᠠᠷ ᠢᠶᠠᠨ ᠦᠺᠷᠠᠶᠢᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠰᠢ ᠶᠢᠨ ᠫᠢᠩ᠂ ᠦᠺᠷᠠᠶᠢᠨ ᠤ ᠠᠰᠠᠭᠤᠳᠠᠯ ᠳᠡᠭᠡᠷ᠎ᠡ ᠡᠩᠬᠡ ᠲᠠᠶᠢᠪᠤᠩ ᠤᠨ ᠂ ᠣᠶᠤᠨᠯᠢᠭ ᠳᠠᠭᠤᠨ ᠲᠠᠰᠤᠷᠠᠯᠲᠠ ᠦᠭᠡᠢ ᠦᠷᠭᠦᠯᠵᠢᠯᠡᠵᠦ᠂ ᠣᠯᠠᠩᠬᠢ ᠤᠯᠤᠰ ᠴᠥᠮ ᠪᠠᠴᠢᠮ ᠪᠠᠶᠢᠳᠠᠯ ᠢ ᠨᠠᠮᠳᠠᠭᠤᠯᠬᠤ ᠶᠢ ᠳᠡᠮᠵᠢᠵᠦ᠂ ᠢᠳᠬᠠᠨ ᠡᠪᠰᠡᠭᠦᠯᠵᠦ ᠬᠡᠯᠡᠯᠴᠡᠭᠡ ᠭᠢᠯᠭᠡᠭᠦ ᠶᠢ ᠵᠣᠷᠢᠵᠤ᠂ ᠭᠠᠯ ᠳᠡᠭᠡᠷ᠎ᠡ ᠲᠣᠰᠣ ᠨᠡᠮᠡᠭᠦ ᠶᠢ ᠡᠰᠡᠷᠭᠦᠴᠡᠵᠦ ᠪᠠᠶᠢᠨ᠎ᠠ᠃ ᠲᠡᠦᠬᠡᠨ ᠠᠴᠠ ᠠᠪᠴᠤ ᠦᠵᠡᠪᠡᠯ᠂ ᠮᠥᠷᠭᠦᠯᠳᠦᠭᠡᠨ ᠢ ᠡᠴᠦᠰ ᠲᠡᠭᠡᠨ ᠴᠥᠮ ᠶᠠᠷᠢᠯᠴᠠᠭ᠎ᠠ ᠪᠠ ᠬᠡᠯᠡᠯᠴᠡᠭᠡ ᠪᠠᠷ ᠳᠠᠮᠵᠢᠭᠤᠯᠤᠨ ᠰᠢᠢᠳᠪᠦᠷᠢᠯᠡᠬᠦ ᠴᠢᠬᠤᠯᠠᠲᠠᠢ ᠶᠤᠮ᠃ ᠲᠦᠷᠦᠭᠦᠬᠡᠨ ᠳᠤᠮᠳᠠᠳᠤ ᠤᠯᠤᠰ ᠲᠤᠰᠬᠠᠶᠢᠯᠠᠨ ᠵᠣᠭᠰᠣᠯᠲᠠ ᠪᠠᠨ ᠢᠯᠡᠷᠬᠡᠶᠢᠯᠡᠭᠰᠡᠨ ᠪᠢᠴᠢᠭ ᠮᠠᠲ᠋ᠧᠷᠢᠶᠠᠯ ᠨᠡᠶᠢᠲᠡᠯᠡᠵᠦ᠂ ᠦᠺᠷᠠᠶᠢᠨ ᠤ ᠬᠢᠮᠤᠷᠠᠯ ᠢ ᠤᠯᠤᠰ ᠲᠦᠷᠦ ᠪᠠᠷ ᠰᠢᠢᠳᠪᠦᠷᠢᠯᠡᠵᠦ᠂ ᠬᠦᠢᠲᠡᠨ ᠳᠠᠶᠢᠨ ᠤ ᠰᠡᠳᠬᠢᠬᠦᠢ ᠶᠢ ᠡᠰᠡᠷᠭᠦᠴᠡᠵᠦ᠂ ᠭᠠᠭᠴᠠ ᠲᠠᠯ᠎ᠠ ᠶᠢᠨ ᠵᠠᠯᠬᠠᠭᠠᠯ ᠢ ᠡᠰᠡᠷᠭᠦᠴᠡᠬᠦ ᠶᠢ ᠤᠷᠢᠶᠠᠯᠠᠪᠠ᠃ ᠪᠢᠳᠡᠨ ᠤ ᠦᠵᠡᠬᠦ ᠪᠠᠷ᠂ ᠬᠦᠴᠢᠷ ᠪᠡᠷᠬᠡᠰᠢᠶᠡᠯ ᠬᠡᠳᠦᠢ ᠳᠠᠪᠬᠤᠷᠳᠠᠭᠰᠠᠨ ᠴᠤ ᠡᠩᠬᠡ ᠲᠠᠶᠢᠪᠤᠩ ᠳᠤ ᠣᠷᠣᠨ ᠵᠠᠢ ᠦᠯᠡᠳᠡᠭᠡᠵᠦ ᠥᠭᠭᠦ ᠭᠡᠷᠡᠭᠲᠡᠢ ︔ ᠵᠥᠷᠢᠴᠡᠯ ᠬᠡᠳᠦᠢ ᠬᠤᠷᠴᠠᠳᠤᠬᠰᠠᠨ ᠴᠤ ᠶᠠᠷᠢᠯᠴᠠᠭ᠎ᠠ ᠬᠢᠬᠦ ᠴᠢᠷᠮᠠᠶᠢᠯᠭ᠎ᠠ ᠪᠠᠨ ᠲᠠᠶᠠᠭᠳᠠᠵᠤ ᠪᠤᠯᠬᠤ ᠦᠭᠡᠢ᠃ ᠳᠤᠮᠳᠠᠳᠤ ᠤᠯᠤᠰ ᠳᠤᠷᠠᠲᠠᠶ᠎ᠠ ᠦᠺᠷᠠᠶᠢᠨ ᠤ ᠠᠰᠠᠭᠤᠳᠠᠯ ᠢ ᠤᠯᠤᠰ ᠲᠥᠷᠥ ᠪᠠᠷ ᠰᠢᠢᠳᠪᠦᠷᠢᠯᠡᠬᠦ ᠳᠤ ᠦᠷᠭᠦᠯᠵᠢᠯᠡᠨ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ ᠴᠢᠬᠤᠯᠠᠴᠢᠯᠠᠵᠠᠢ᠃  ᠫᠦᠲ᠋ᠢᠨ᠂ ᠤᠷᠤᠰ ᠤᠨ ᠬᠢᠨ ᠳᠤᠮᠳᠠᠳᠤ ᠤᠯᠤᠰ ᠤᠨ ᠴᠢᠬᠤᠯᠠ ᠶᠡᠭᠡ ᠳᠡᠯᠡᠬᠡᠢ ᠶᠢᠨ ᠠᠰᠠᠭᠤᠳᠠᠯ ᠳᠡᠭᠡᠷ᠎ᠡ ᠢᠮᠠᠭᠲᠠ ᠲᠥᠪ ᠭᠤᠣᠯᠴᠢ᠂ ᠪᠤᠰᠤᠳᠴᠢ᠂ ᠲᠡᠩᠴᠡᠭᠦᠷᠢᠲᠡᠢ ᠵᠣᠭᠰᠣᠯᠲᠠ ᠶᠢ ᠪᠠᠷᠢᠮᠲᠠᠯᠠᠵᠤ᠂ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠳᠠᠭ ᠢ ᠮᠠᠭᠲᠠᠨ ᠰᠠᠶᠢᠰᠢᠶᠠᠵᠤ ᠪᠠᠶᠢᠨ᠎ᠠ᠃ ᠣᠷᠣᠰ ᠤᠨ ᠬᠢᠨ ᠦᠺᠷᠠᠶᠢᠨ ᠤ ᠠᠰᠠᠭᠤᠳᠠᠯ ᠢ ᠤᠯᠤᠰ ᠲᠥᠷᠥ ᠪᠠᠷ ᠰᠢᠢᠳᠪᠦᠷᠢᠯᠡᠬᠦ ᠲᠤᠬᠠᠢ ᠳᠤᠮᠳᠠᠳᠤ ᠤᠯᠤᠰ ᠤᠨ ᠵᠣᠭᠰᠣᠯᠲᠠ ᠪᠠᠨ ᠢᠯᠡᠷᠬᠡᠶᠢᠯᠡᠭᠰᠡᠨ ᠮᠠᠲ᠋ᠧᠷᠢᠶᠠᠯ ᠢ ᠬᠢᠨᠠᠮᠠᠭᠠᠢ ᠰᠤᠳᠤᠯᠵᠤ᠂ ᠨᠠᠶᠢᠷᠠᠮᠳᠠᠯ ᠤᠨ ᠬᠡᠯᠡᠯᠴᠡᠭᠡ ᠳᠤ ᠨᠡᠭᠡᠭᠡᠯᠲᠡ ᠲᠠᠢ ᠣᠪᠣᠷ ᠢᠶᠠᠷ ᠬᠠᠨᠳᠤᠵᠤ ᠪᠠᠶᠢᠨ᠎ᠠ᠂ ᠡᠭᠦᠨ ᠤ ᠲᠥᠯᠥᠭᠡ ᠳᠤᠮᠳᠠᠳᠤ ᠤᠯᠤᠰ ᠤᠨ ᠪᠦᠲᠦᠭᠡᠯᠴᠢ ᠴᠢᠨᠠᠷᠲᠠᠢ ᠦᠢᠯᠡᠳᠦᠯ ᠭᠠᠷᠭᠠᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠢᠯᠡᠳᠬᠡᠪᠡ᠃  ᠬᠤᠶᠠᠷ ᠤᠯᠤᠰ ᠤᠨ ᠲᠡᠷᠢᠭᠦᠨ᠂ ᠮᠠᠷᠭᠠᠰᠢ ᠳᠠᠬᠢᠨᠲᠠ ᠬᠡᠯᠡᠯᠴᠡᠭᠡ ᠬᠢᠵᠦ᠂ ᠢᠷᠡᠭᠡᠳᠦᠢ ᠶᠢᠨ ᠨᠢᠭᠡ ᠬᠤᠭᠤᠴᠠᠭᠠᠨ ᠤ ᠳᠤᠮᠳᠠᠳᠤ ᠤᠷᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠵᠢᠷᠤᠭ ᠲᠥᠰᠥᠪ ᠢ ᠲᠥᠯᠥᠪᠵᠢᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号