2023 ᠣᠨ ᠤ ᠭᠤᠷᠪᠠᠳᠤᠭᠠᠷ ᠪᠦᠯᠦᠭ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ  ᠤᠨ ᠲᠥᠪᠯᠡᠷᠡᠭᠦᠯᠦᠨ ᠰᠦᠯᠵᠢᠶᠡᠨ ᠳᠤ ᠬᠤᠯᠪᠣᠬᠤ ᠦᠢᠯᠡᠳᠬᠦᠨ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/3/22
ᠡᠯ᠎ᠡ ᠬᠠᠮᠢᠶ᠎ᠠ ᠪᠦᠬᠦᠢ ᠨᠢᠭᠡᠴᠢ᠄  ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠬᠤᠯᠪᠣᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠡᠮᠴᠢᠯᠡᠭᠡᠨ ᠤ ᠪᠠᠳᠤᠯᠠᠭ᠎ᠠ ᠶᠢᠨ ᠠᠯᠪᠠᠨ ᠲᠠᠷᠬᠠᠭᠠᠭᠰᠠᠨ ﹇2021﹈ 90 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠳᠦᠭᠡ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ  ᠵᠢ‌‍ᠪᠠᠭᠲᠠᠭᠠᠨ᠎ᠠ︶ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢᠨ      ᠬᠠᠮᠲᠤ᠂ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃  ᠨᠢᠭᠡ᠂ ᠢᠯᠡ ᠨᠡᠶᠢᠲᠡᠯᠡᠬᠦ ᠠᠭᠤᠯᠭ᠎ᠠ  ᠠᠵᠤ ᠠᠬᠤᠶᠢᠯᠠᠯ ᠨᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ  ᠶᠢ ᠪᠠᠭᠲᠠᠭᠠᠨ᠎ᠠ︶ ᠤᠨ ᠪᠦᠲᠦᠭᠡᠭᠳᠡᠬᠦᠨ ᠤ ᠮᠡᠳᠡᠭᠡ ᠵᠠᠩᠭᠢ ᠶᠢ ᠮᠡᠳᠡᠭᠦᠯᠦᠨ᠎ᠡ᠃ ᠠᠵᠤ ᠠᠬᠤᠶᠢᠯᠠᠯ ᠨᠢ ᠥᠪᠥᠷ ᠮᠣᠩᠭᠤᠯ ᠤᠨ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ︱ ᠥᠪᠥᠷ ᠮᠣᠩᠭᠤᠯ ᠤᠨ ᠡᠮᠴᠢᠯᠡᠭᠡᠨ ᠤ ᠪᠠᠳᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ︱ ᠬᠥᠳᠡᠯᠦᠩᠭᠦᠢ ᠲᠣᠬᠢᠷᠠᠭᠤᠯᠤᠯᠲᠠ ᠬᠠᠮᠢᠶᠠᠷᠤᠯᠲᠠ ᠠᠴᠠ ᠮᠡᠳᠡᠭᠡ ᠵᠠᠩᠬᠢ ᠶᠢ ᠪᠠᠶᠢᠴᠠᠭᠠᠨ ᠦᠵᠡᠵᠦ ᠪᠤᠯᠤᠨ᠎ᠠ᠃  ᠬᠤᠶᠠᠷ᠂ ᠢᠯᠡ ᠨᠡᠶᠢᠲᠡᠯᠡᠬᠦ ᠴᠠᠭ  2023 ᠣᠨ ᠤ 3 ᠳ᠋ᠤᠭᠠᠷ ᠰᠠᠷ᠎ᠠ ᠶᠢᠨ 22 ︱ 3 ᠳ᠋ᠤᠭᠠᠷ ᠰᠠᠷ᠎ᠠ ᠶᠢᠨ 29 ᠤ ᠡᠳᠦᠷ ᠪᠤᠯᠳᠠᠯ᠎ᠠ᠃  ᠭᠤᠷᠪᠠ᠂ ᠪᠤᠰᠤᠳ ᠵᠦᠢᠯ  ︵ᠨᠢᠭᠡ︶ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠤᠳ ᠬᠡᠷᠪᠡ ᠵᠠᠷᠯᠠᠨ ᠨᠡᠶᠢᠲᠡᠯᠡᠭᠰᠡᠨ ᠮᠡᠳᠡᠭᠡ ᠵᠠᠩᠭᠢ ᠵᠢᠴᠢ ᠦᠢᠯᠡᠳᠬᠦᠨ ᠤ ᠦᠨ᠎ᠡ ᠬᠠᠩᠰᠢ ᠳᠤ ᠣᠨᠳᠣᠣ ᠰᠠᠨᠠᠯ ᠲᠠᠢ ᠪᠠᠶᠢᠪᠠᠯ᠂ ︽ᠬᠡᠨ ᠵᠣᠷᠢᠪᠠᠯ ᠲᠡᠷᠡ ᠭᠡᠷᠡᠴᠢ ᠳᠤᠷᠠᠳᠬᠤ︾ ᠵᠠᠷᠴᠢᠮ ᠤᠨ ᠶᠣᠰᠣᠭᠠᠷ᠂ ᠦᠨᠡᠨ ᠪᠣᠳᠠᠲᠠᠢ ᠬᠦᠴᠦᠨ ᠲᠠᠢ᠂ ᠪᠦᠷᠢᠨ ᠭᠦᠢᠴᠡᠳ ᠭᠡᠷᠡᠴᠢᠯᠡᠬᠦ ᠮᠠᠲ᠋ᠧᠷᠢᠶᠠᠯ ᠢ ᠬᠠᠩᠭᠠᠨ᠎ᠠ᠂ ᠬᠤᠭᠤᠴᠠᠭ᠎ᠠ ᠠᠴᠠ ᠪᠠᠨ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠲᠤᠰᠢᠶᠠᠭᠰᠠᠨ ᠦᠭᠡᠢ ᠪᠠᠶᠢᠪᠠᠯ ᠭᠥᠯᠢᠶᠡᠨ ᠠᠪᠴᠤ ᠰᠢᠢᠳᠪᠦᠷᠢᠯᠡᠬᠦ ᠦᠭᠡᠢ᠃  ︵ᠬᠤᠶᠠᠷ︶ ᠠᠵᠤ ᠠᠬᠤᠶᠢᠯᠠᠯ ᠤᠨ ᠳᠡᠪᠰᠢᠭᠦᠯᠦᠭᠰᠡᠨ ᠭᠤᠮᠤᠳᠠᠯ ᠲᠤᠭᠠᠴᠠᠬᠤ ︵ᠵᠠᠭᠠᠯᠳᠤᠯᠭ᠎ᠠ︶ ᠮᠠᠲ᠋ᠧᠷᠢᠶᠠᠯ ᠳᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ᠂ ᠬᠠᠤᠯᠢ ᠶᠢᠨ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠭᠰᠠᠨ ᠪᠢᠴᠢᠭ᠂ ᠪᠠᠶᠢᠳᠠᠯ ᠤᠨ ᠲᠣᠳᠣᠷᠬᠠᠶᠢᠯᠠᠯᠲᠠ ᠪᠠ ᠬᠠᠮᠢᠶ᠎ᠠ ᠪᠦᠬᠦᠢ ᠲᠣᠳᠣᠷᠬᠠᠢ ᠪᠥᠭᠡᠳ ᠬᠦᠴᠦᠨ ᠲᠠᠢ ᠭᠡᠷᠡᠴᠢ ᠮᠠᠲ᠋ᠧᠷᠢᠶᠠᠯ ᠪᠠᠭᠲᠠᠨ᠎ᠠ᠃  ︵ᠭᠤᠷᠪᠠ︶ ᠭᠠᠷᠳᠠᠭᠤᠯᠬᠤ ᠠᠷᠭ᠎ᠠ ᠮᠠᠶ᠋ᠢᠭ  1᠂ ᠭᠤᠮᠤᠳᠠᠯ ᠲᠤᠭᠠᠴᠠᠬᠤ ︵ᠵᠠᠭᠠᠯᠳᠤᠯᠭ᠎ᠠ︶ ᠮᠠᠲ᠋ᠧᠷᠢᠶᠠᠯ ᠢ ᠲᠡᠮᠳᠡᠭᠯᠡᠬᠦ ︱ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠰᠢᠰᠲ᠋ᠧᠮ ︱ ᠬᠤᠷᠣᠭᠳᠠᠯ ᠮᠠᠲ᠋ᠧᠷᠢᠶᠠᠯ ᠤᠨ ᠦᠢᠯᠡᠳᠬᠦᠨ ᠤ ᠮᠡᠳᠡᠭᠦᠯᠬᠦ ᠲᠤᠬᠠᠶᠢᠯᠠᠭᠰᠠᠨ ᠠᠵᠢᠯ ᠤᠨ ᠭᠤᠶᠤᠴᠢᠯᠠᠯ ᠮᠡᠳᠡᠭᠦᠯᠦᠯᠳᠡ ᠶᠢ ᠲᠤᠰᠢᠶᠠᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ᠃  2᠂ ᠲᠤᠬᠠᠢ ᠶᠢᠨ ᠲᠠᠯᠠᠪᠤᠷ ᠲᠤ ᠮᠠᠲ᠋ᠧᠷᠢᠶᠠᠯ ᠢᠶᠠᠨ ᠲᠤᠰᠢᠶᠠᠬᠤ ᠠᠵᠤ ᠠᠬᠤᠶᠢᠯᠠᠯ ᠨᠢ ᠮᠠᠲ᠋ᠧᠷᠢᠶᠠᠯ ᠢᠶᠠᠨ ᠨᠢᠭᠤᠷ ᠳᠠᠷᠠᠭᠠᠯᠠᠨ ᠠᠵᠤ ᠠᠬᠤᠶᠢᠯᠠᠯ ᠤᠨ ᠠᠯᠪᠠᠨ ᠲᠠᠮᠠᠭ᠎ᠠ ︵ᠠᠯᠪᠠᠨ ᠲᠠᠮᠠᠭ᠎ᠠ ᠶᠢ ᠲᠣᠳᠣᠷᠬᠠᠢ ᠣᠯᠵᠤ ᠦᠵᠡᠬᠦ ᠴᠢᠬᠤᠯᠠ ᠲᠠᠢ︶ ᠶᠢ ᠳᠠᠷᠤᠭᠰᠠᠨ ᠤ ᠳᠠᠷᠠᠭ᠎ᠠ᠂ ᠴᠤᠩᠬᠤᠪᠴᠢ ᠪᠠᠷ ᠲᠤᠰᠢᠶᠠᠵᠤ ᠭᠦᠢᠴᠡᠳᠬᠡᠨ᠎ᠡ᠃  ︵ᠳᠥᠷᠪᠡ︶ ᠢᠯᠡ ᠨᠡᠶᠢᠲᠡᠯᠡᠬᠦ ᠬᠤᠭᠤᠴᠠᠭᠠᠨ ᠳᠤ ᠭᠥᠯᠢᠶᠡᠨ ᠠᠪᠤᠭᠰᠠᠨ ᠭᠤᠮᠤᠳᠠᠯ ᠲᠤᠭᠠᠴᠠᠬᠤ ︵ᠵᠠᠭᠠᠯᠳᠤᠯᠭ᠎ᠠ︶ ᠢ ᠲᠥᠪᠯᠡᠷᠡᠭᠦᠯᠦᠨ ᠰᠢᠢᠳᠪᠦᠷᠢᠯᠡᠵᠦ᠂ ᠲᠤᠬᠠᠢ ᠶᠢᠨ ᠦᠶ᠎ᠡ ᠳᠤ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠳᠡᠮᠵᠢᠨ ᠦᠷ᠎ᠡ ᠳ᠋ᠦᠩ ᠢ ᠨᠢᠭᠡᠳᠦᠯᠲᠡᠢ ᠨᠡᠶᠢᠲᠡᠯᠡᠨ᠎ᠡ᠃ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠦᠢᠯᠡᠳᠬᠦᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠬᠦᠨ ᠤ ᠠᠷᠠᠯᠵᠢᠶ᠎ᠠ ᠶᠢᠨ ᠬᠥᠮᠥᠷᠭᠡ ᠳᠤ ᠣᠷᠣᠭᠤᠯᠤᠨ᠎ᠠ᠃  ᠳᠥᠷᠪᠡ᠂ ᠬᠠᠷᠢᠯᠴᠠᠬᠤ ᠠᠷᠭ᠎ᠠ ᠮᠠᠶ᠋ᠢᠭ  0471—4919735 ︵ᠮᠠᠲ᠋ᠧᠷᠢᠶᠠᠯ ᠢ ᠭᠥᠯᠢᠶᠡᠨ ᠠᠪᠬᠤ︶  0471—4930595 ︵ᠲᠤᠬᠠᠶᠢᠯᠠᠭᠰᠠᠨ ᠠᠵᠢᠯ ᠤᠨ ᠯᠠᠪᠯᠠᠯᠭ᠎ᠠ︶  ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 19 ᠳ᠋ᠤᠭᠡᠷ ᠨᠣᠮᠧᠷ      ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ  2023 ᠣᠨ ᠤ 3 ᠳ᠋ᠤᠭᠠᠷ ᠰᠠᠷ᠎ᠠ ᠶᠢᠨ 22 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号