︽ᠰᠢ ᠶᠢᠨ ᠫᠢᠩ ᠤᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠥᠭᠦᠯᠡᠯᠲᠡ ᠶᠢᠨ ᠲᠡᠭᠦᠪᠦᠷᠢ︾ ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2023/3/28
  ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠥᠭᠦᠯᠡᠯᠲᠡ ᠶᠢᠨ ᠲᠡᠭᠦᠪᠦᠷᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃  ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ︾ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠪᠠᠨ ᠬᠡᠳᠦᠨ ᠳ᠋ᠦᠩᠰᠢᠭᠤᠷ ᠬᠥᠮᠥᠨ ᠠᠮᠠ ᠶᠢᠨ ᠠᠮᠤ ᠬᠦᠨᠡᠰᠦᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠢᠮᠠᠭᠲᠠ ᠲᠥᠷᠥ ᠶᠢ ᠵᠠᠰᠠᠵᠤ ᠵᠠᠰᠠᠭ ᠢ ᠡᠷᠭᠢᠯᠡᠭᠦ ᠶᠢᠨ ᠲᠡᠷᠢᠭᠦᠨ ᠴᠢᠬᠤᠯᠠ ᠶᠠᠪᠤᠳᠠᠯ ᠪᠤᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠶᠢ ᠪᠠᠷᠢᠮᠲᠠᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠦᠷ᠎ᠡ ᠶᠢᠨ ᠡᠬᠢ ᠰᠤᠷᠪᠤᠯᠵᠢ ᠶᠢᠨ ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ ᠶᠢ ᠠᠬᠢᠭᠤᠯᠵᠤ᠂ ᠮᠠᠨ ᠤ ᠤᠯᠤᠰ ᠤᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤ ᠪᠤᠳᠠᠭᠠᠨ ᠤ ᠶᠡᠷᠦᠩᠬᠡᠢ ᠤᠨᠠᠯᠳᠠ ᠳᠡᠯᠡᠬᠡᠢ ᠶᠢᠨ ᠲᠡᠷᠢᠭᠦᠨ ᠳᠤ ᠣᠷᠣᠬᠤ ᠶᠢ ᠪᠠᠲᠤᠯᠠᠵᠤ᠂ ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠤ ᠠᠮᠤ ᠪᠤᠳᠠᠭᠠᠨ ᠤ ᠠᠮᠤᠷ ᠲᠦᠪᠰᠢᠨ ᠢ ᠪᠦᠲᠦᠮᠵᠢᠲᠡᠢ ᠪᠠᠲᠤᠯᠠᠪᠠ᠃ ᠰᠢ ᠶᠢᠨ ᠫᠢᠩ ᠨᠥᠬᠦᠷ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠣᠭᠤᠷᠢᠨ ᠳᠤ ᠠᠯᠢ ᠣᠯᠠᠨ ᠴᠢᠬᠤᠯᠠ ᠥᠭᠦᠯᠡᠯᠲᠡ ᠨᠡᠶᠢᠲᠡᠯᠡᠵᠦ᠂ ᠤᠳᠬ᠎ᠠ ᠰᠠᠨᠠᠭ᠎ᠠ ᠠᠯᠤᠰ ᠭᠡᠲᠦ ᠶᠢᠨ᠂ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠢ ᠪᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠬᠦ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤᠴᠤᠳ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠴᠢᠩᠭ᠎ᠠ ᠠᠳᠬᠤᠬᠤ ᠶᠢ ᠪᠠᠲᠤᠯᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃  ︽ᠥᠭᠦᠯᠡᠯᠲᠡ ᠶᠢᠨ ᠲᠡᠭᠦᠪᠦᠷᠢ︾ ᠨᠢ 8 ᠲᠤᠰᠬᠠᠢ ᠰᠡᠳᠦᠪ ᠬᠤᠪᠢᠶᠠᠵᠤ᠂ ᠨᠡᠶᠢᠳᠡ 240 ᠬᠡᠰᠡᠭ ᠥᠭᠦᠯᠡᠯᠲᠡ ᠪᠠᠶᠢᠵᠤ᠂ ᠰᠢ ᠶᠢᠨ ᠫᠢᠩ ᠨᠥᠬᠦᠷ ᠤᠨ 2012 ᠣᠨ ᠤ 12 ᠰᠠᠷ᠎ᠠ ᠶᠢᠨ 15 ᠤ ᠡᠳᠦᠷ ᠠᠴᠠ 2022 ᠣᠨ ᠤ 12 ᠰᠠᠷ᠎ᠠ ᠶᠢᠨ 23 ᠤ ᠡᠳᠦᠷ ᠪᠤᠯᠲᠠᠯᠠᠭᠢ ᠬᠤᠭᠤᠴᠠᠭᠠᠨ ᠳᠠᠬᠢ ᠮᠡᠳᠡᠭᠦᠯᠦᠯᠲᠡ᠂ ᠶᠠᠷᠢᠶ᠎ᠠ᠂ ᠶᠠᠷᠢᠶ᠎ᠠ ᠢᠯᠡᠳᠬᠡᠯ᠂ ᠶᠠᠷᠢᠯᠴᠠᠭ᠎ᠠ᠂ ᠪᠠᠶᠠᠷ ᠤᠨ ᠵᠠᠬᠢᠳᠠᠯ᠂ ᠵᠢᠭᠠᠪᠤᠷᠢ᠂ ᠴᠣᠬᠤᠯᠠᠪᠤᠷᠢ ᠵᠡᠷᠭᠡ 80 ᠭᠠᠷᠤᠢ ᠴᠢᠬᠤᠯᠠ ᠲᠤᠯᠭᠤᠷ ᠪᠢᠴᠢᠭ ᠠᠴᠠ ᠰᠣᠩᠭᠤᠨ     ᠠᠪᠤᠪᠠ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号