ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠠᠷᠠᠳ ᠤᠨ | ᠳᠡᠭᠡᠳᠦ ᠰᠢᠭᠦᠭᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠵᠢᠯ ᠪᠦᠷᠢ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ ᠭᠡᠯᠪᠡᠷᠢ ᠪᠠᠷ | ᠲᠤᠰᠢᠶᠠᠯ ᠤᠨ ᠮᠡᠳᠡᠭᠦᠯᠦᠯᠲᠡ ᠬᠢᠳᠡᠭ᠃ ᠣᠶᠢᠷ᠎ᠠ ᠶᠢᠨ ᠬᠤᠭᠤᠴᠠᠭᠠᠨ ᠳᠤ᠂ ᠬᠤᠯᠪᠣᠭᠳᠠᠯ ᠪᠦᠬᠦᠢ ᠨᠥᠬᠦᠳ ᠲᠣᠭᠲᠠᠭᠠᠯ | ᠶᠣᠰᠣᠭᠠᠷ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ ᠭᠡᠯᠪᠡᠷᠢ ᠪᠠᠷ | ᠲᠤᠰᠢᠶᠠᠯ ᠤᠨ ᠮᠡᠳᠡᠭᠦᠯᠦᠯᠲᠡ ᠬᠢᠪᠡ᠂ ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ | ᠦᠵᠡᠭᠰᠡᠨ ᠪᠥᠭᠡᠳ ᠴᠢᠬᠤᠯᠠ ᠱᠠᠭᠠᠷᠳᠠᠯᠭ᠎ᠠ ᠳᠤᠷᠠᠳᠴᠠᠢ᠃ | ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠨᠠᠮ ᠤᠨ ᠤᠳᠤᠷᠢᠳᠤᠯᠭ᠎ᠠ ᠶᠢᠨ | ᠬᠠᠮᠤᠭ ᠤᠨ ᠳᠡᠭᠡᠳᠦ ᠵᠠᠷᠴᠢᠮ ᠮᠥᠨ᠃ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠯ ᠪᠦᠷᠢ ᠨᠠᠮ ᠤᠨ ᠲᠥᠪ | ᠬᠤᠷᠢᠶ᠎ᠠ ᠪᠣᠯᠣᠨ ᠶᠡᠷᠦᠩᠬᠡᠢ ᠱᠦᠵᠢ ᠳᠤ ᠪᠢᠴᠢᠭ ᠤᠨ ᠭᠡᠯᠪᠡᠷᠢ ᠪᠠᠷ ᠨᠢᠭᠡ ᠤᠳᠠᠭ᠎ᠠ ᠲᠤᠰᠢᠶᠠᠯ ᠤᠨ ᠮᠡᠳᠡᠭᠦᠯᠦᠯᠲᠡ ᠬᠢᠵᠦ᠂ | ︽ᠳᠥᠷᠪᠡᠨ ᠤᠬᠠᠮᠰᠠᠷ︾ ᠢᠶᠠᠨ ᠴᠢᠩᠭᠠᠳᠬᠠᠭᠰᠠᠨ᠂ ︽ᠳᠥᠷᠪᠡᠨ ᠢᠲᠡᠭᠡᠯ︾ ᠢᠶᠠᠨ ᠪᠠᠲᠤᠳᠬᠠᠭᠰᠠᠨ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠦᠭᠰᠡᠨ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ᠂ ᠲᠤᠬᠠᠶᠢᠯᠠᠭᠰᠠᠨ ᠠᠵᠢᠯ ᠢᠶᠠᠨ ᠠᠬᠢᠭᠤᠯᠤᠭᠰᠠᠨ᠂ ᠠᠷᠢᠭᠤᠨ ᠴᠢᠬᠡᠴᠢ ᠥᠪᠡᠷ ᠢ ᠪᠠᠨ | ᠱᠠᠭᠠᠷᠳᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠬᠦ ᠪᠣᠯ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠴᠢᠬᠤᠯᠠ ᠳᠦᠷᠢᠮ ᠤᠨ ᠲᠣᠬᠢᠷᠠᠭᠤᠯᠤᠯᠲᠠ ᠪᠣᠯᠣᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠪᠠ ᠤᠯᠤᠰ ᠤᠨ ᠠᠵᠢᠯ ᠦᠢᠯᠡᠰ ᠲᠡᠦᠬᠡᠲᠦ | ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ ᠤ ᠦᠨᠳᠦᠰᠦᠨ ᠰᠢᠯᠲᠠᠭᠠᠨ ᠨᠢ ᠳᠠᠷᠤᠢ | ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠭᠰᠠᠨ ᠳᠤ ᠣᠷᠣᠰᠢᠨ᠎ᠠ᠃ 2023 ᠣᠨ | ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ | ᠵᠢᠯ ᠮᠥᠨ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠂ ᠪᠦᠭᠦ | ᠨᠠᠮ ᠤᠨ ᠬᠦᠰᠡᠯ ᠵᠣᠷᠢᠭ ᠢᠶᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ ᠨᠢᠭᠡᠳᠬᠡᠬᠦ᠂ ᠠᠯᠬᠤᠮ ᠨᠢᠭᠡᠲᠡᠢ ᠤᠷᠤᠭᠰᠢᠯᠠᠬᠤ ᠶᠢ | ᠦᠨᠡᠨ ᠬᠦ ᠪᠠᠲᠤᠯᠠᠵᠤ᠂ ᠰᠠᠶᠢᠨ ᠰᠠᠶᠢᠬᠠᠨ ᠡᠭᠢᠯᠡᠯᠲᠡ ᠶᠢ ᠴᠢᠷᠮᠠᠶᠢᠨ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ᠃ | |