2023 ᠣᠨ ᠤ ᠬᠤᠶᠠᠳᠤᠭᠠᠷ ᠪᠦᠯᠦᠭ ᠤᠯᠤᠰ ᠤᠨ ᠬᠡᠯᠡᠯᠴᠡᠭᠡ ᠬᠢᠰᠠᠨ ᠡᠮ ᠤᠨ ᠵᠦᠢᠯ ᠢ ᠰᠦᠯᠵᠢᠶᠡᠨ ᠳᠤ ᠭᠠᠷᠭᠠᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/3/6
    ︽ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2022 ᠣᠨ︶ ᠢ ᠬᠡᠷᠡᠭᠵᠢᠭᠦᠯᠬᠦ ᠲᠤᠬᠠᠶ ᠮᠡᠳᠡᠭᠳᠡᠯ︾ ︵ᠥᠪᠥᠷ ᠡᠮ ᠡᠮᠨᠡᠯᠭᠡ  ᠶᠢᠨ ᠪᠠᠲᠤᠯᠠᠭ᠎ᠠ ᠶᠢᠨ ᠲᠠᠷᠬᠠᠭᠠᠭᠰᠠᠨ ﹇2020﹈ 4 ᠳ᠋ᠤᠭᠡᠷ ᠲᠣᠭᠠᠲᠤ︶ ᠤᠨ ᠱᠠᠭᠠᠷᠳᠠᠯᠭ᠎ᠠ  ᠶᠣᠰᠣᠭᠠᠷ᠂ ᠡᠳᠦᠭᠡ ᠤᠯᠤᠰ ᠤᠨ ᠬᠡᠯᠡᠯᠴᠡᠭᠡ ᠬᠢᠰᠠᠨ ᠡᠮ ᠤᠨ ᠵᠦᠢᠯ ᠯᠢ ᠰᠧ ᠫᠦ᠋ ᠯᠠᠨ ᠰᠢᠩᠭᠡᠨ ᠡᠮ ᠵᠡᠷᠭᠡ ᠡᠮ ᠤᠨ ᠵᠦᠢᠯ ᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠨᠡᠶᠢᠲᠡᠯᠡᠶ᠎ᠡ᠃    ᠦᠷ᠎ᠡ ᠳ᠋ᠦᠩ ᠢ ᠨᠡᠶᠢᠲᠡᠯᠡᠭᠰᠡᠨ ᠤ ᠳᠠᠷᠠᠭ᠎ᠠ ᠡᠯ᠎ᠡ ᠮᠡᠳᠡᠭᠦᠯᠦᠭᠰᠡᠨ ᠠᠵᠤ ᠠᠬᠤᠶᠢᠯᠠᠯ ᠤᠳ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ︾ — ︽ᠪᠠᠶᠢᠳᠠᠯ ᠤᠨ ᠲᠣᠬᠢᠷᠠᠭᠤᠯᠤᠯᠲᠠ ᠬᠠᠮᠢᠶᠠᠷᠤᠯᠲᠠ︾ ᠳᠤ ᠣᠷᠣᠵᠤ ᠬᠠᠮᠢᠶ᠎ᠠ ᠪᠥᠬᠦᠶ ᠠᠵᠤ ᠠᠬᠤᠶᠢᠯᠠᠯ ᠵᠢᠴᠢ ᠡᠮ ᠤᠨ ᠵᠦᠢᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠦᠵᠡᠵᠦ ᠪᠤᠯᠤᠨ᠎ᠠ᠃ ᠬᠢᠨᠠᠨ ᠬᠠᠷᠭᠤᠭᠤᠯᠤᠭᠠᠳ ᠪᠠᠲᠤᠯᠠᠭᠰᠠᠨ ᠡᠮ ᠤᠨ ᠵᠦᠢᠯ ᠢ ᠬᠤᠳᠠᠯᠳᠤᠨ ᠠᠪᠬᠤ ᠰᠢᠰᠲ᠋ᠧᠮ ᠳᠤ ᠣᠷᠣᠭᠤᠯᠵᠤ᠂ ᠡᠯ᠎ᠡ ᠨᠢᠭᠡᠴᠢ ᠨᠦᠭᠦᠳ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠡᠮ ᠤᠨ ᠵᠦᠢᠯ ᠬᠤᠳᠠᠯᠳᠤᠨ ᠠᠪᠬᠤ ᠪᠠ ᠳᠣᠭᠢᠷᠠᠭᠤᠯᠤᠨ ᠬᠦᠷᠭᠡᠬᠦ ᠠᠵᠢᠯ ᠢ ᠥᠷᠨᠢᠭᠦᠯᠵᠦ᠂ ᠡᠮᠴᠢᠯᠡᠭᠡᠨ ᠳᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠶ᠃    ᠬᠠᠷᠢᠯᠴᠠᠬᠤ ᠤᠲᠠᠰᠤ᠄ 0471- 4904007  ᠵᠠᠩ ᠪᠠᠭᠰᠢ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ  ᠶᠢᠨ ᠬᠤᠳᠠᠯᠳᠤᠨ ᠠᠪᠬᠤ ᠲᠥᠪ        2023ᠣᠨ ᠤ3 ᠳ᠋ᠤᠭᠠᠷ ᠰᠠᠷ᠎ᠠ ᠶᠢᠨ6 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ  ᠶᠢᠨ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号