ᠲᠦᠩᠯᠢᠶᠣᠤ ᠬᠤᠲᠠ ᠶᠢᠨ 2023 ᠣᠨ ᠤ ᠡᠮ ᠤᠨ ᠵᠦᠶᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠠᠵᠢᠯ ᠤᠨ ᠮᠡᠳᠡᠭᠳᠡᠯ
ᠨᠡᠶᠢᠲᠡᠯᠡᠭᠰᠡᠨ ᠴᠠᠭ᠄
2023/3/7
  ᠡᠯ᠎ᠡ ᠡᠮ ᠤᠨ ᠵᠦᠶᠯ ᠪᠣᠯᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠡᠵᠡᠩᠨᠡᠵᠦ ᠪᠠᠶᠢᠭ᠎ᠠ ᠠᠵᠤ ᠠᠬᠤᠶᠢᠯᠠᠯ ᠳᠤ᠄  ᠮᠠᠨ ᠤ ᠬᠤᠲᠠ ᠡᠮ ᠤᠨ ᠵᠦᠶᠯ ︵ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ ᠪᠠᠭᠲᠠᠨ᠎ᠠ᠂ ᠳᠣᠷᠣᠭᠰᠢ ᠠᠳᠠᠯᠢ︶ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ ᠪᠠᠭᠲᠠᠨ᠎ᠠ᠂ ᠳᠣᠷᠣᠭᠰᠢ ᠠᠳᠠᠯᠢ︶ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠶᠯ ᠪᠣᠯᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮ ᠡᠮᠨᠡᠯᠭᠡ ᠬᠤᠳᠠᠯᠳᠤᠨ ᠠᠪᠬᠤ ᠲᠦᠪ ᠦᠰᠦᠭ ﹇2022﹈ 246 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠵᠦ᠂ ᠡᠳᠦᠭᠡ ᠮᠠᠨ ᠤ ᠬᠤᠲᠠ ᠶᠢᠨ 2023 ᠣᠨ  ᠤ ᠡᠮ ᠤᠨ ᠵᠦᠶᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠠᠵᠢᠯ ᠢ ᠥᠷᠨᠢᠭᠦᠯᠵᠦ᠂ ᠬᠠᠮᠢᠶ᠎ᠠ ᠪᠥᠬᠦᠶ ᠠᠵᠢᠯ  ᠢ ᠳᠣᠤᠷᠠᠬᠢ ᠮᠡᠲᠦ ᠮᠡᠳᠡᠭᠳᠡᠪᠡ᠄  ᠨᠢᠭᠡ᠂ ᠳᠣᠭᠢᠷᠠᠭᠤᠯᠤᠨ ᠬᠦᠷᠭᠡᠬᠦ ᠠᠷᠭ᠎ᠠ ᠮᠠᠶ᠋ᠢᠭ  ᠡᠮ ᠤᠨ ᠵᠦᠢᠯ ᠪᠣᠯᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠳ ᠰᠢᠭᠤᠳ ᠲᠤᠬᠢᠷᠠᠭᠤᠯᠤᠨ ᠬᠦᠷᠭᠡᠵᠦ ᠪᠣᠯᠤᠨ᠎ᠠ᠂ ᠠᠶᠢᠮᠠᠭ ᠬᠤᠳᠠ ᠳᠤ ᠨᠡᠷ᠎ᠡ ᠮᠡᠳᠡᠭᠦᠯᠦᠭᠰᠡᠨ ᠪᠤᠶᠤ ᠰᠢᠯᠢᠭᠳᠡᠨ ᠰᠣᠩᠭᠤᠭᠳᠠᠭᠰᠠᠨ ᠲᠤᠬᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠨᠠᠶᠢᠳᠠᠵᠤ ᠬᠦᠷᠭᠡᠭᠦᠯᠦᠭᠰᠡᠨ ᠴᠦ ᠪᠣᠯᠤᠨ᠎ᠠ᠃ ᠦᠢᠯᠡᠳᠪᠦᠷᠢᠯᠡᠯ ᠤᠨ ᠠᠵᠤ ᠠᠬᠤᠶᠢᠯᠠᠯ ᠤᠨ ᠰᠢᠭᠤᠳ ᠲᠣᠬᠢᠷᠠᠭᠤᠯᠤᠨ ᠬᠦᠷᠭᠡᠬᠦ ᠶᠢ ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠦᠨ ᠨᠡᠪᠲᠡᠷᠡᠭᠦᠯᠦᠭᠰᠡᠨ ᠲᠣᠬᠢᠷᠠᠭᠤᠯᠤᠨ ᠬᠦᠷᠭᠡᠬᠦ ᠣᠷᠣᠨ ᠲᠣᠭᠤᠷᠢᠭ ᠲᠤ ᠪᠠᠶᠢᠯᠭᠠᠬᠤ ᠪᠠ ᠦᠢᠯᠡᠳᠪᠦᠷᠢᠯᠡᠯ ᠤᠨ ᠠᠵᠤ ᠠᠬᠤᠶᠢᠯᠠᠯ ᠤᠨ ᠨᠠᠶᠢᠳᠠᠵᠤ ᠲᠣᠬᠢᠷᠠᠭᠤᠯᠤᠨ ᠬᠦᠷᠭᠡᠬᠦ ᠶᠢ ᠡᠯ᠎ᠡ ᠠᠶᠢᠮᠠᠭ ᠬᠤᠲᠠ ᠶᠢᠨ ᠱᠠᠭᠠᠷᠳᠠᠯᠭ᠎ᠠ ᠶᠣᠰᠣᠭᠠᠷ ᠭᠦᠢᠴᠡᠳᠬᠡᠬᠦ ᠪᠣᠯᠣᠨ᠎ᠠ᠃  ᠬᠤᠶᠠᠷ᠂ ᠨᠡᠷ᠎ᠡ ᠮᠡᠳᠡᠭᠦᠯᠬᠦ ᠨᠥᠬᠦᠴᠡᠯ  ᠮᠠᠨ ᠤ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠳᠤ ᠣᠷᠣᠯᠴᠠᠬᠤ ᠪᠠᠷ ᠭᠤᠶᠤᠴᠢᠯᠠᠬᠤ ᠠᠵᠤ ᠠᠬᠤᠶᠢᠯᠠᠯ ᠨᠢ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠠᠪᠬᠤ ᠬᠤᠪᠢᠶᠠᠷᠢ ᠰᠢᠰᠲ᠋ᠧᠮ ᠳᠤ ᠵᠠᠬᠢᠶᠠᠯᠠᠭ᠎ᠠ ᠪᠠᠷ ᠨᠤᠲᠠᠯᠠᠬᠤ᠂ ᠪᠠᠷᠠᠭ᠎ᠠ ᠪᠡᠯᠡᠳᠬᠡᠬᠦ᠂ ᠲᠣᠬᠢᠷᠠᠭᠤᠯᠤᠨ ᠬᠦᠷᠭᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠡᠭᠦᠨ ᠤ ᠬᠠᠮᠲᠤ ᠡᠷᠬᠡᠪᠰᠢ ᠳᠣᠣᠷᠠᠬᠢ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠢ᠄  ︵ᠨᠢᠭᠡ︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ︔  ︵ᠬᠤᠶᠠᠷ︶ ᠬᠠᠤᠯᠢ ᠶᠣᠰᠣᠭᠠᠷ ᠵᠣᠬᠢᠴᠠᠩᠭᠤᠢ ᠬᠢᠷᠢ ᠭᠡᠮ ᠤᠨ ᠦᠨᠡᠮᠯᠡᠯ ᠣᠯᠣᠭᠰᠠᠨ ᠪᠠᠶᠢᠬᠤ︔  ︵ᠭᠤᠷᠪᠠ︶ ᠴᠠᠭ ᠲᠤᠬᠠᠶ ᠳᠤᠨᠢ᠂ ᠭᠦᠶᠴᠡᠳ ᠬᠡᠮᠵᠢᠶ᠎ᠡ ᠪᠠᠷ ᠲᠣᠬᠢᠷᠠᠭᠤᠯᠤᠨ ᠬᠦᠷᠭᠡᠵᠦ ᠴᠢᠳᠠᠬᠤ ᠦᠶᠯᠡᠳᠬᠦᠨ ᠤ ᠪᠠᠷᠠᠭᠠᠨ ᠤ ᠭᠦᠶᠯᠭᠡᠭᠡᠨ ᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠲᠠᠢ ᠪᠠᠶᠢᠬᠤ︔  ︵ᠳᠥᠷᠪᠡ︶ ᠰᠢᠯᠢᠳᠡᠭ ᠪᠣᠷᠣᠯᠠᠭᠤᠯᠭ᠎ᠠ ᠶᠢᠨ ᠳᠠᠷᠠᠭᠠᠬᠢ ᠦᠶᠯᠡᠴᠢᠯᠡᠭᠡᠨ ᠪᠣᠯᠤᠨ ᠮᠡᠷᠭᠡᠵᠢᠯ ᠤᠨ ᠳᠡᠮᠵᠢᠯᠭᠡ  ᠶᠢᠨ ᠴᠢᠳᠠᠪᠤᠷᠢ ᠲᠠᠢ ᠪᠠᠶᠢᠬᠤ᠃  ᠭᠤᠷᠪᠠ᠂ ᠨᠡᠷ᠎ᠡ ᠮᠡᠳᠡᠭᠦᠯᠬᠦ ᠮᠠᠲ᠋ᠧᠷᠢᠶᠠᠯ  ︵ᠨᠢᠭᠡ︶ ᠡᠮ ᠤᠨ ᠵᠦᠶᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ  ᠮᠠᠨ ᠤ ᠬᠤᠲᠠ ᠶᠢᠨ ᠡᠮ ᠤᠨ ᠵᠦᠶᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠳᠤ ᠣᠷᠣᠯᠴᠠᠬᠤ ᠪᠠᠷ ᠪᠠᠶᠢᠭ᠎ᠠ ᠪᠦᠬᠦ ᠠᠵᠤ ᠠᠬᠤᠶᠢᠯᠠᠯ ᠡᠷᠬᠡᠪᠰᠢ ᠲᠣᠰ ᠮᠡᠳᠡᠭᠳᠡᠯ ᠪᠠ ︽ᠲᠦᠩᠯᠢᠶᠣᠤ ᠬᠤᠲᠠ ᠶᠢᠨ ᠡᠮ ᠤᠨ ᠵᠦᠶᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ ᠵᠢᠴᠢ ᠵᠠᠭᠪᠤᠷ︾ ︵ᠳᠠᠭᠠᠯᠳᠤᠭᠤᠯᠤᠯ 1 ᠶᠢ ᠦᠵᠡ︶ ᠤᠨ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠢᠶᠠᠨ ᠲᠠᠭᠯᠠᠨ ᠪᠢᠴᠢᠵᠦ ᠮᠡᠳᠡᠭᠦᠯᠬᠦ ᠬᠡᠷᠡᠭᠲᠡᠶ᠃  ︵ᠬᠤᠶᠠᠷ︶ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ  ᠮᠠᠨ ᠤ ᠬᠤᠲᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠬᠤ ᠪᠠᠷ ᠪᠠᠶᠢᠭ᠎ᠠ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠡᠷᠬᠡᠪᠰᠢ ᠲᠣᠰ ᠮᠡᠳᠡᠭᠳᠡᠯ ᠪᠠ ︽ᠲᠦᠩᠯᠢᠶᠣᠤ ᠬᠤᠲᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ ᠵᠢᠴᠢ ᠵᠠᠭᠪᠤᠷ︾ ︵ᠳᠠᠭᠠᠯᠳᠤᠭᠤᠯᠤᠯ 2 ᠢ ᠦᠵᠡ︶ ᠤᠨ ᠱᠠᠭᠠᠷᠳᠠᠯᠭ᠎ᠠ ᠶᠣᠰᠣᠭᠠᠷ᠂ ᠮᠠᠲ᠋ᠧᠷᠢᠶᠠᠯ ᠢ ᠲᠠᠭᠯᠠᠨ ᠪᠢᠴᠢᠬᠦ ᠪᠠ ᠮᠡᠳᠡᠭᠦᠯᠬᠦ ᠶᠢᠨ ᠬᠠᠮᠲᠤ ᠡᠯᠧᠺᠲᠷᠣᠨ ᠢᠶᠠᠷ ︽ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠡᠳᠡᠭᠡ ᠵᠠᠩᠭᠢ ᠶᠢᠨ ᠪᠦᠷᠢᠳᠬᠡᠯ  ᠤᠨ ᠬᠦᠰᠦᠨᠦᠭᠲᠦ︾ ︵ᠳᠠᠭᠠᠯᠳᠤᠭᠤᠯᠤᠯ 3 ᠶᠢ ᠦᠵᠡ︶ ᠶᠢ ᠲᠠᠭᠯᠠᠨ ᠪᠢᠴᠢᠬᠦ ᠬᠡᠷᠡᠭᠲᠡᠶ᠃  ︵ᠭᠤᠷᠪᠠ︶ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠨᠥᠬᠦᠪᠥᠷᠢᠯᠡᠵᠦ ᠳᠣᠭᠢᠷᠠᠭᠤᠯᠤᠨ ᠬᠦᠷᠭᠡᠬᠦ ᠬᠡᠪᠴᠢᠶ᠎ᠡ ᠶᠢᠨ ᠮᠠᠲ᠋ᠧᠷᠢᠶᠠᠯ  ᠨᠢᠭᠡᠨᠲᠡ ᠮᠠᠨ ᠤ ᠬᠤᠲᠠ ᠳᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠡᠷᠬᠡ ᠶᠢ ᠨᠡᠪᠲᠡᠷᠡᠭᠦᠯᠦᠭᠰᠡᠨ ᠡᠵᠡᠩᠨᠡᠯᠲᠡ ᠶᠢᠨ ᠠᠵᠤ ᠠᠬᠤᠶᠢᠯᠠᠯ᠂ ᠵᠢᠱᠢᠶᠡᠯᠡᠪᠡᠯ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠤᠶᠤ ᠬᠤᠶᠠᠳᠤᠭᠠᠷ ᠲᠥᠷᠥᠯ ᠤᠨ ᠳᠠᠩᠰᠠᠯᠠᠭᠤᠯᠤᠭᠰᠠᠨ ᠭᠡᠷᠡᠴᠢ ᠪᠠᠷᠢᠮᠲᠠ ᠶᠢᠨ ᠡᠵᠡᠩᠨᠡᠬᠦ ᠬᠡᠪᠴᠢᠶᠡᠨ ᠳᠤ ᠬᠤᠪᠢᠷᠠᠯᠲᠠ ᠲᠠᠢ ᠭᠠᠷᠴᠤ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠬᠦᠷᠢᠶ᠎ᠡ ᠬᠡᠪᠴᠢᠶ᠎ᠡ ᠶᠢ ᠨᠥᠬᠦᠪᠥᠷᠢᠯᠡᠬᠦ ᠴᠢᠬᠤᠯᠠᠲᠠᠶ ᠪᠠᠶᠢᠪᠠᠯ᠂ ᠵᠥᠪᠬᠡᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ ᠦᠨᠡᠮᠯᠡᠯ᠂ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠠ ᠬᠤᠶᠠᠳᠤᠭᠠᠷ ᠲᠥᠷᠥᠯ ᠤᠨ ᠳᠠᠩᠰᠠᠯᠠᠭᠤᠯᠤᠭᠰᠠᠨ ᠭᠡᠷᠡᠴᠢ ᠪᠠᠷᠢᠮᠲᠠ ︵PDF ᠢᠶᠠᠷ ᠪᠣᠯᠭᠠᠨ ᠰᠢᠷᠪᠢᠵᠦ︶ ᠶᠠᠪᠤᠭᠤᠯᠤᠨ᠎ᠠ᠃ ᠡᠭᠦᠨ ᠤ ᠬᠠᠮᠲᠤ ᠡᠯᠧᠺᠲᠷᠣᠨ  ᠢᠶᠠᠷ ︽ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠡᠳᠡᠭᠡ ᠵᠠᠩᠭᠢ ᠶᠢᠨ ᠪᠦᠷᠢᠳᠬᠡᠯ ᠤᠨ ᠬᠦᠰᠦᠨᠦᠭᠲᠦ︾ ︵ᠳᠠᠭᠠᠯᠳᠤᠭᠤᠯᠤᠯ 3 ᠳᠤ ᠦᠵᠡ︶ ᠶᠢ ᠲᠠᠭᠯᠠᠨ᠎ᠠ᠃  ᠳᠥᠷᠪᠡ᠂ ᠮᠠᠲ᠋ᠧᠷᠢᠶᠠᠯ ᠢ ᠭᠥᠯᠢᠶᠡᠨ ᠠᠪᠴᠤ ᠰᠢᠶᠳᠪᠦᠷᠢᠯᠡᠬᠦ ᠵᠢᠴᠢ ᠨᠡᠷ᠎ᠡ ᠮᠡᠳᠡᠭᠦᠯᠦᠭᠰᠡᠨ ᠦᠷ᠎ᠡ ᠳ᠋ᠦᠩ ᠢ ᠨᠡᠶᠢᠲᠡᠯᠡᠬᠦ ᠴᠠᠭ ᠬᠤᠭᠤᠴᠠᠭ᠎ᠠ  ᠨᠡᠷ᠎ᠡ ᠮᠡᠳᠡᠭᠦᠯᠦᠭᠰᠡᠨ ᠮᠠᠲ᠋ᠧᠷᠢᠶᠠᠯ ᠢ ᠲᠥᠪᠯᠡᠷᠡᠭᠦᠯᠦᠨ ᠭᠥᠯᠢᠶᠡᠨ ᠠᠪᠴᠤ ᠰᠢᠶᠳᠪᠦᠷᠢᠯᠡᠬᠦ ᠴᠠᠭ᠄ 2023 ᠣᠨ ᠤ 3 ᠳ᠋ᠤᠭᠠᠷ ᠰᠠᠷ᠎ᠠ᠂ 6 ᠳ᠋ᠤᠭᠠᠷ ᠰᠠᠷ᠎ᠠ᠂ 9 ᠳ᠋ᠦ᠋ᠭᠡᠷ ᠰᠠᠷ᠎ᠠ᠂ 12 ᠳ᠋ᠤᠭᠠᠷ ᠰᠠᠷ᠎ᠠ ᠶᠢᠨ 15 ᠤ ᠡᠳᠦᠷ  ᠠᠴᠠ 25 ᠤ ᠡᠳᠦᠷ᠃ ᠨᠡᠷ᠎ᠡ ᠮᠡᠳᠡᠭᠦᠯᠦᠭᠰᠡᠨ ᠦᠷ᠎ᠡ ᠳ᠋ᠦᠩ ᠢ ᠲᠥᠪᠯᠡᠷᠡᠭᠦᠯᠦᠨ ᠨᠡᠶᠢᠲᠡᠯᠡᠬᠦ ᠴᠠᠭ ᠨᠢ ᠤᠯᠠᠷᠢᠯ ᠪᠦᠷᠢ ᠶᠢᠨ ᠰᠡᠭᠦᠯᠴᠢ ᠶᠢᠨ ᠨᠢᠭᠡ ᠡᠳᠦᠷ ︵ᠠᠵᠢᠯ ᠤᠨ ᠡᠳᠦᠷ ᠪᠤᠰᠤ ᠶᠢ ᠬᠤᠶᠢᠰᠢᠯᠠᠭᠤᠯᠤᠨ᠎ᠠ︶ ᠪᠣᠯᠤᠨ᠎ᠠ᠂ ᠡᠯ᠎ᠡ ᠠᠵᠤ ᠠᠬᠤᠶᠢᠯᠠᠯ ᠨᠢ ᠠᠶᠢᠮᠠᠭ ᠬᠤᠲᠠ ᠶᠢᠨ ᠮᠡᠳᠡᠭᠡ ᠵᠠᠩᠭᠢ ᠠᠴᠠ ᠨᠡᠷ᠎ᠡ ᠮᠡᠳᠡᠭᠦᠯᠦᠭᠰᠡᠨ ᠦᠷ᠎ᠡ ᠳ᠋ᠦᠩ ᠢᠶᠠᠨ ᠪᠠᠶᠢᠴᠠᠭᠠᠨ ᠦᠵᠡᠵᠦ ᠪᠣᠯᠤᠨ᠎ᠠ᠃ ᠳᠠᠭᠤᠰᠬᠤ ᠴᠠᠭ ᠠᠴᠠ ᠡᠮᠦᠨ᠎ᠡ ᠨᠡᠷ᠎ᠡ ᠮᠡᠳᠡᠭᠦᠯᠦᠭᠰᠡᠨ ᠥᠬᠡᠶ ᠠᠵᠤ ᠠᠬᠤᠶᠢᠯᠠᠯ  ᠨᠢ ᠳᠠᠷᠠᠭ᠎ᠠ ᠤᠯᠠᠷᠢᠯ ᠤᠨ ᠭᠥᠯᠢᠶᠡᠨ ᠠᠪᠴᠤ ᠰᠢᠶᠳᠪᠦᠷᠢᠯᠡᠬᠦ ᠴᠠᠭ ᠤᠨ ᠳᠣᠲᠣᠷ᠎ᠠ ᠳᠠᠭᠢᠵᠤ ᠭᠦᠶᠴᠡᠳᠬᠡᠵᠦ ᠪᠣᠯᠤᠨ᠎ᠠ᠃ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠬᠦᠷᠢᠶ᠎ᠡ ᠬᠡᠪᠴᠢᠶ᠎ᠡ ᠶᠢ ᠨᠥᠬᠦᠪᠥᠷᠢᠯᠡᠭᠰᠡᠨ ᠮᠠᠲ᠋ᠧᠷᠢᠶᠠᠯ ᠢ ᠴᠠᠭ ᠲᠤᠬᠠᠶ ᠳᠤᠨᠢ ᠭᠥᠯᠢᠶᠡᠨ ᠠᠪᠴᠤ ᠰᠢᠶᠳᠪᠦᠷᠢᠯᠡᠨ᠎ᠡ᠃  ᠲᠠᠪᠤ᠂ ᠨᠡᠷ᠎ᠡ ᠮᠡᠳᠡᠭᠦᠯᠬᠦ ᠠᠷᠭ᠎ᠠ ᠮᠠᠶ᠋ᠢᠭ    ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠶᠳᠪᠦᠷᠢᠯᠡᠬᠦ ᠳᠡᠭᠡᠨ᠂ ᠡᠯ᠎ᠡ ᠠᠵᠤ ᠠᠬᠤᠶᠢᠯᠠᠯ ᠨᠢ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠣᠳᠣᠷᠬᠠᠶ ᠬᠠᠷᠠᠭᠳᠠᠬᠤ PDF ᠢᠶᠠᠷ ᠪᠣᠯᠭᠠᠨ ᠰᠢᠷᠪᠢᠵᠦ᠂ ᠮᠠᠨ ᠤ ᠲᠥᠪ ᠤᠨ ᠵᠢᠭᠠᠨ ᠲᠣᠭᠲᠠᠭᠠᠭᠰᠠᠨ ᠡᠯᠧᠺᠲᠷᠣᠨ ᠰᠢᠦᠳᠠᠨ ᠤ ᠬᠠᠶᠢᠷᠴᠠᠭ tlsyzb@163.com ᠳᠤ ᠢᠯᠡᠭᠡᠬᠦ ᠶᠢᠨ ᠬᠠᠮᠲᠤ ᠰᠢᠦᠳᠠᠨ ᠤ ᠵᠦᠶᠯ ᠤᠨ ᠭᠤᠤᠯ ᠰᠡᠳᠦᠪ ᠲᠤ ᠠᠵᠤ ᠠᠬᠤᠶᠢᠯᠠᠯ ᠤᠨ ᠨᠡᠷᠡᠶᠢᠳᠦᠯ ᠪᠠ ᠨᠡᠷ᠎ᠡ ᠮᠡᠳᠡᠭᠦᠯᠬᠦ ᠲᠥᠷᠥᠯ ᠵᠦᠶᠯ ᠢ ᠲᠣᠳᠣᠷᠬᠠᠶᠢᠯᠠᠬᠤ ᠬᠡᠷᠡᠭᠲᠡᠶ᠂ ᠵᠢᠱᠢᠶᠡᠯᠡᠪᠡᠯ ︽xxx ᠡᠮ ᠡᠮᠨᠡᠯᠭᠡ ᠶᠢᠨ ᠬᠢᠵᠠᠭᠠᠷᠲᠤ ᠺᠣᠮᠫᠠᠨᠢ  ᠶᠢᠨ ᠡᠮ ᠤᠨ ᠵᠦᠢᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ︾᠂ ︽xxx ᠪᠠᠭᠠᠵᠢ ᠬᠡᠷᠡᠭᠰᠡᠯ ᠤᠨ ᠬᠢᠵᠠᠭᠠᠷᠲᠤ ᠺᠣᠮᠫᠠᠨᠢ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ︾ ᠭᠡᠬᠦ ᠮᠡᠲᠦ᠃  ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ  ᠢ ᠲᠣᠬᠢᠷᠠᠭᠤᠯᠤᠨ ᠬᠦᠷᠭᠡᠬᠦ ᠬᠦᠷᠢᠶ᠎ᠡ ᠬᠡᠪᠴᠢᠶ᠎ᠡ ᠶᠢ ᠨᠦᠬᠦᠪᠦᠷᠢᠯᠡᠬᠦ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠨᠡᠷ᠎ᠡ ᠮᠡᠳᠡᠭᠦᠯᠬᠦ ᠮᠠᠲ᠋ᠧᠷᠢᠶᠠᠯ ᠢ ᠢᠯᠡᠭᠡᠬᠦ ᠦᠶᠡᠰ ᠰᠢᠦᠳᠠᠨ ᠤ ᠵᠦᠶᠯ ᠤᠨ ᠭᠤᠤᠯ ᠰᠡᠳᠦᠪ ᠲᠡᠭᠡᠨ ︽xxx ᠪᠠᠭᠠᠵᠢ ᠬᠡᠷᠡᠭᠰᠡᠯ ᠤᠨ ᠬᠢᠵᠠᠭᠠᠷᠲᠤ ᠺᠣᠮᠫᠠᠨᠢ ︵ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠬᠦᠷᠢᠶ᠎ᠡ ᠬᠡᠪᠴᠢᠶ᠎ᠡ ᠶᠢ ᠨᠥᠬᠦᠪᠥᠷᠢᠯᠡᠨ᠎ᠡ︶︾ ᠭᠡᠵᠦ ᠲᠣᠳᠣᠷᠬᠠᠶᠢᠯᠠᠨ᠎ᠠ᠃  ᠵᠢᠷᠭᠤᠭ᠎ᠠ᠂ ᠬᠠᠮᠢᠶ᠎ᠠ ᠪᠦᠬᠦᠢ ᠱᠠᠭᠠᠷᠳᠠᠯᠭ᠎ᠠ  ︵ᠨᠢᠭᠡ︶ ᠨᠡᠷ᠎ᠡ ᠮᠡᠳᠡᠭᠦᠯᠬᠦ ᠮᠠᠲ᠋ᠧᠷᠢᠶᠠᠯ ᠢ ᠱᠠᠭᠠᠷᠳᠠᠯᠭ᠎ᠠ ᠪᠠ ᠬᠡᠪ ᠵᠠᠭᠪᠤᠷ ᠶᠣᠰᠣᠭᠠᠷ ᠪᠡᠯᠡᠳᠬᠡᠭᠡᠷᠡᠶ᠂ ᠶᠠᠮᠠᠷᠴᠦ ᠵᠠᠰᠠᠯᠲᠠ ᠬᠢᠵᠦ ᠪᠣᠯᠬᠤ ᠥᠬᠡᠶ᠂ ᠨᠢᠭᠡᠳᠦᠯᠲᠡᠶ A 4 ᠴᠠᠭᠠᠰᠤ ᠶᠢ ᠬᠡᠷᠡᠭᠯᠡᠵᠦ᠂ ᠪᠦᠷᠢᠨ ᠲᠠᠭᠯᠠᠭᠰᠠᠨ ᠤ ᠳᠠᠷᠠᠭ᠎ᠠ᠂ ᠨᠢᠭᠤᠷ ᠳᠠᠷᠠᠭᠠᠯᠠᠨ ᠠᠵᠤ ᠠᠬᠤᠶᠢᠯᠠᠯ ᠤᠨ ᠲᠣᠳᠣᠷᠬᠠᠶ ᠠᠯᠪᠠᠨ ᠲᠠᠮᠠᠭ᠎ᠠ ᠶᠢ ᠳᠠᠷᠤᠬᠤ ᠶᠢᠨ ᠬᠠᠮᠲᠤ ᠬᠡᠪ ᠵᠠᠭᠪᠤᠷ ᠤᠨ ᠲᠠᠰ ᠳᠠᠷᠠᠭᠠᠯᠠᠯ ᠢᠶᠠᠷ PDF  ᠢᠶᠠᠷ ᠠᠵᠤ ᠠᠬᠤᠶᠢᠯᠠᠯ ᠤᠨ ᠮᠠᠲ᠋ᠧᠷᠢᠶᠠᠯ ᠢ ᠰᠢᠷᠪᠢᠨ᠎ᠡ᠃  ︵ᠬᠤᠶᠠᠷ︶ ᠨᠡᠷ᠎ᠡ ᠮᠡᠳᠡᠭᠦᠯᠬᠦ ᠮᠠᠲ᠋ᠧᠷᠢᠶᠠᠯ ᠢ PDF ᠢᠶᠠᠷ ᠪᠣᠯᠭᠠᠨ ᠰᠢᠷᠪᠢᠵᠦ ᠪᠠᠭᠯᠠᠭᠰᠠᠨ ᠤ ᠳᠠᠷᠠᠭ᠎ᠠ ᠳᠠᠭᠠᠯᠳᠤᠭᠤᠯᠤᠯ ᠤᠨ ᠬᠡᠯᠪᠡᠷᠢ ᠪᠠᠷ ᠲᠣᠭᠲᠠᠭᠰᠠᠨ ᠢᠮᠧᠯ ᠤᠨ ᠬᠠᠶᠢᠷᠴᠠᠭ ᠲᠤ ᠢᠯᠡᠭᠡᠨ᠎ᠡ᠂ ᠰᠡᠭᠦᠳᠡᠷᠯᠡᠬᠦ ᠪᠤᠶᠤ ᠵᠢᠷᠤᠭ ᠤᠨ ᠬᠡᠯᠪᠡᠷᠢ ᠪᠠᠷ ᠢᠯᠡᠳᠬᠡᠵᠦ ᠪᠣᠯᠬᠤ ᠥᠬᠡᠶ᠃ ᠡᠭᠦᠨ ᠳᠤ ᠨᠡᠷ᠎ᠡ ᠮᠡᠳᠡᠭᠦᠯᠦᠭᠰᠡᠨ ᠡᠮ ᠤᠨ ᠵᠦᠶᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠵᠥᠪᠬᠡᠨ ᠳᠠᠭᠠᠯᠳᠤᠭᠤᠯᠤᠯ 1 ᠶᠢ PDF ᠢᠶᠠᠷ ᠪᠣᠯᠭᠠᠨ ᠰᠢᠷᠪᠢᠵᠦ ᠢᠯᠡᠭᠡᠨ᠎ᠡ︔ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠳᠠᠭᠠᠯᠳᠤᠭᠤᠯᠤᠯ 2 ᠢ PDF  ᠢᠶᠠᠷ ᠰᠢᠷᠪᠢᠵᠦ ᠢᠯᠡᠭᠡᠨ᠎ᠡ᠂ ᠳᠠᠭᠠᠯᠳᠤᠭᠤᠯᠤᠯ 3 ︵Excel ᠢᠶᠠᠷ︶ ᠶᠢ ᠪᠠᠭᠤᠯᠭᠠᠵᠤ ᠠᠪᠤᠭᠰᠠᠨ ᠤ ᠳᠠᠷᠠᠭ᠎ᠠ ᠲᠠᠭᠯᠠᠵᠤ ᠪᠢᠴᠢᠭᠡᠳ ᠰᠢᠭᠤᠳ ᠢᠯᠡᠭᠡᠨ᠎ᠡ᠂ PDF ᠢᠶᠠᠷ ᠰᠢᠷᠪᠢᠬᠦ ᠴᠢᠬᠤᠯᠠ ᠥᠬᠡᠶ᠃  ︵ᠭᠤᠷᠪᠠ︶ ᠲᠤᠰᠢᠶᠠᠭᠰᠠᠨ ᠪᠤᠶ ᠪᠦᠬᠦᠢ ᠪᠢᠴᠢᠭ ᠮᠠᠲ᠋ᠧᠷᠢᠶᠠᠯ ᠵᠢᠴᠢ ᠬᠠᠷᠢᠯᠴᠠᠭᠠᠨ ᠤ ᠵᠠᠬᠢᠳᠠᠯ ᠴᠠᠬᠢᠯᠭᠠᠨ ᠮᠡᠳᠡᠭᠡ ᠳᠤ ᠴᠥᠮ ᠬᠢᠲᠠᠳ ᠪᠢᠴᠢᠭ ᠢ ᠬᠡᠷᠡᠭᠯᠡᠨ᠎ᠡ᠂ ᠭᠠᠳᠠᠭᠠᠳᠤ ᠬᠡᠯᠡᠨ ᠤ ᠮᠠᠲ᠋ᠧᠷᠢᠶᠠᠯ ᠪᠣᠯ ᠤᠤᠯ ᠮᠠᠲ᠋ᠧᠷᠢᠶᠠᠯ ᠤᠨ ᠪᠠᠭᠤᠯᠭᠠᠪᠤᠷᠢ ᠪᠣᠯᠣᠨ ᠬᠢᠲᠠᠳ ᠬᠡᠯᠡᠨ ᠤ ᠣᠷᠴᠢᠭᠤᠯᠭ᠎ᠠ ᠶᠢᠨ ᠮᠠᠲ᠋ᠧᠷᠢᠶᠠᠯ ᠢ ᠬᠠᠩᠭᠠᠬᠤ ᠬᠡᠷᠡᠭᠲᠡᠶ᠂ ᠠᠭᠤᠯᠭ᠎ᠠ ᠶᠢᠨ ᠳᠡᠭᠡᠷ᠎ᠡ ᠪᠠᠯᠠᠯᠵᠤ᠂ ᠵᠦᠯᠭᠦᠵᠦ᠂ ᠬᠤᠰᠤᠵᠤ᠂ ᠠᠷᠴᠢᠬᠤ ᠪᠠ ᠪᠦᠷᠬᠦᠵᠦ ᠪᠣᠯᠬᠤ ᠦᠭᠡᠶ᠃  ︵ᠳᠥᠷᠪᠡ︶ ᠨᠡᠷ᠎ᠡ ᠮᠡᠳᠡᠭᠦᠯᠬᠦ ᠮᠠᠲ᠋ᠧᠷᠢᠶᠠᠯ ᠳᠠᠬᠢ ᠵᠠᠩᠭᠢᠯᠠᠭ᠎ᠠ ᠶᠢᠨ ᠴᠢᠨᠠᠷᠲᠠᠶ ᠮᠠᠲ᠋ᠧᠷᠢᠶᠠᠯ ᠪᠣᠯᠬᠤ ᠡᠮ ᠤᠨ ᠵᠦᠶᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ᠂ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠠ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠠᠮᠠᠯᠠᠯᠲᠠ ᠶᠢᠨ ᠪᠢᠴᠢᠭ ᠲᠤ ᠨᠥᠬᠦᠪᠦᠷᠢ ᠪᠠ ᠵᠠᠰᠠᠪᠤᠷᠢ ᠣᠷᠣᠭᠤᠯᠬᠤ ᠥᠬᠡᠶ᠃ ᠪᠤᠰᠤᠳ ᠵᠠᠩᠭᠢᠯᠠᠭ᠎ᠠ ᠶᠢᠨ ᠪᠤᠰᠤ ᠴᠢᠨᠠᠷᠲᠠᠶ ᠮᠠᠲ᠋ᠧᠷᠢᠶᠠᠯ ᠨᠢ ᠪᠤᠷᠤᠭᠤ ᠲᠠᠢ ᠪᠤᠶᠤ ᠪᠦᠷᠢᠨ ᠪᠤᠰᠤ ᠪᠠᠶᠢᠪᠠᠯ᠂ ᠠᠵᠤ ᠠᠬᠤᠶᠢᠯᠠᠯ ᠨᠢ ᠮᠡᠳᠡᠭᠳᠡᠭᠰᠡᠨ ᠤ ᠳᠠᠷᠠᠭᠠᠬᠢ ᠲᠠᠪᠤᠨ ᠠᠵᠢᠯᠯᠠᠬᠤ ᠡᠳᠦᠷ ᠤᠨ ᠳᠣᠲᠣᠷ᠎ᠠ ᠨᠥᠬᠦᠪᠥᠷᠢᠯᠡᠵᠦ ᠪᠦᠷᠢᠨ ᠪᠦᠲᠦᠨ ᠪᠣᠯᠭᠠᠨ᠎ᠠ᠃ ᠨᠡᠶᠢᠲᠡ ᠳᠤ ᠵᠠᠷᠯᠠᠭᠠᠳ ᠪᠠᠲᠤᠯᠠᠭᠳᠠᠭᠰᠠᠨ ᠥᠬᠡᠶ ᠠᠵᠤ ᠠᠬᠤᠶᠢᠯᠠᠯ ᠤᠨ ᠨᠥᠬᠦᠪᠥᠷᠢᠯᠡᠬᠦ ᠮᠠᠲ᠋ᠧᠷᠢᠶᠠᠯ ᠢ ᠳᠠᠭᠢᠵᠤ ᠭᠥᠯᠢᠶᠡᠨ ᠠᠪᠬᠤ ᠥᠬᠡᠶ᠂ ᠳᠠᠷᠠᠭᠠᠴᠢ ᠶᠢᠨ ᠤᠯᠠᠷᠢᠯ ᠳᠤ ᠨᠡᠷ᠎ᠡ ᠮᠡᠳᠡᠭᠦᠯᠬᠦ ᠶᠢ ᠳᠠᠭᠢᠵᠤ ᠭᠦᠶᠴᠡᠳᠬᠡᠵᠦ ᠪᠣᠯᠤᠨ᠎ᠠ᠃  ︵ᠲᠠᠪᠤ︶ ᠨᠡᠷ᠎ᠡ ᠮᠡᠳᠡᠭᠦᠯᠬᠦ ᠠᠵᠢᠯ ᠳᠤ ᠬᠤᠪᠢᠷᠠᠯᠲᠠ ᠭᠠᠷᠭᠠᠬᠤ ᠪᠠ ᠨᠡᠷ᠎ᠡ ᠮᠡᠳᠡᠭᠦᠯᠬᠦ ᠮᠠᠲ᠋ᠧᠷᠢᠶᠠᠯ ᠳᠤ ᠲᠣᠬᠢᠷᠠᠭᠤᠯᠤᠯᠲᠠ ᠭᠠᠷᠭᠠᠪᠠᠯ ᠠᠰᠲᠠᠭᠠᠨ ᠮᠡᠳᠡᠭᠳᠡᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ  ︵https:ylbzj.nmg.gov.cn/yycgw︶ ᠶᠢ ᠴᠠᠭ ᠲᠤᠬᠠᠶ ᠳᠤᠨᠢ ᠠᠩᠬᠠᠷᠤᠭᠠᠷᠠᠶ᠃  ᠬᠠᠷᠢᠯᠴᠠᠬᠤ ᠤᠲᠠᠰᠤ᠄ 0475 - 8266648  ᠬᠠᠷᠢᠯᠴᠠᠬᠤ ᠬᠥᠮᠦᠨ᠄ ᠭᠦᠸᠧ ᠷᠦᠨ ᠲᠢᠶᠠᠨ  ᠪᠠᠶ ᠠᠷᠢᠭᠤᠨ  ᠢᠮᠧᠯ᠄ tlsyzb@163.com   ᠳᠠᠭᠠᠯᠳᠤᠭᠤᠯᠤᠯ᠄  ᠳᠠᠭᠠᠯᠳᠤᠭᠤᠯᠤᠯ 1 ᠲᠦᠩᠯᠢᠶᠣᠤ ᠬᠤᠲᠠ ᠶᠢᠨ ᠡᠮ ᠤᠨ ᠵᠦᠶᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ ᠵᠢᠴᠢ ᠵᠠᠭᠪᠤᠷ . doc  ᠳᠠᠭᠠᠯᠳᠤᠭᠤᠯᠤᠯ 2 ᠲᠦᠩᠯᠢᠶᠣᠤ ᠬᠤᠲᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ  ᠤᠨ ᠱᠠᠭᠠᠷᠳᠠᠯᠭ᠎ᠠ ᠵᠢᠴᠢ ᠵᠠᠭᠪᠤᠷ . doc  ᠳᠠᠭᠠᠯᠳᠤᠭᠤᠯᠤᠯ 3 ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠡᠳᠡᠭᠡ ᠵᠠᠩᠭᠢ ᠶᠢᠨ ᠪᠦᠷᠢᠳᠬᠡᠯ ᠤᠨ ᠬᠦᠰᠦᠨᠦᠭᠲᠦ .xlsx   ᠲᠦᠩᠯᠢᠶᠣᠤ ᠬᠤᠲᠠ ᠶᠢᠨ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠬᠤᠳᠠᠯᠳᠤᠨ ᠠᠪᠬᠤ ᠲᠦᠪ  2023 ᠣᠨ ᠤ 3 ᠳ᠋ᠤᠭᠠᠷ ᠰᠠᠷ᠎ᠠ ᠶᠢᠨ 7 ᠤ ᠡᠳᠦᠷ

 

 
ᠢᠷᠡᠯᠲᠡ᠄ ᠲᠦᠩᠯᠢᠶᠣᠤ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号