ᠰᠢ ᠶᠢᠨ ᠫᠢᠩ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ ᠣᠷᠤᠯᠴᠠᠬᠤ ᠳᠠᠭᠠᠨ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠭᠦ ᠬᠡᠷᠡᠭᠲᠡᠢ ᠭᠡᠵᠦ ᠴᠢᠬᠤᠯᠠᠴᠢᠯᠠᠵᠠᠢ
ᠨᠡᠶᠢᠲᠡᠯᠡᠭᠰᠡᠨ ᠴᠠᠭ᠄
2023/3/9
    ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 8 ᠤ ᠦᠳᠡ ᠶᠢᠨ ᠬᠤᠶᠢᠨ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠤᠷᠤᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ ᠣᠷᠤᠯᠴᠠᠬᠤ ᠳᠠᠭᠠᠨ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠪᠣᠯ ᠨᠠᠮ ᠤᠨ ᠲᠥᠪ ᠬᠤᠷᠢᠶ᠎ᠠ ᠠᠴᠠ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠶᠢ ᠪᠣᠳᠣᠯᠬᠢᠯᠠᠵᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠃ ᠡᠨᠡ ᠬᠦ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠮᠠᠨ ᠤ ᠴᠡᠷᠢᠭ ᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠭᠢ ᠪᠣᠯᠭᠠᠨ ᠲᠦᠷᠭᠡᠳᠬᠡᠨ ᠪᠠᠶᠢᠭᠤᠯᠬᠤ ᠳᠤ ᠴᠥᠮ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠭᠦ ᠬᠡᠷᠡᠭᠲᠡᠢ ᠭᠡᠵᠦ ᠴᠢᠬᠤᠯᠠᠴᠢᠯᠠᠵᠠᠢ᠃
3-9-1.jpg
    3 ᠰᠠᠷ᠎ᠠ ᠶᠢᠨ 8 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠤᠷᠤᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃    ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ    ᠬᠤᠷᠠᠯ ᠳᠡᠭᠡᠷ᠎ᠡ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠥᠪᠯᠡᠯ ᠤᠨ ᠯᠢᠦ ᠽᠧ ᠶᠢᠨ ᠲᠥᠯᠥᠭᠡᠯᠡᠭᠴᠢ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠵᠡᠪᠰᠡᠭ ᠲᠣᠨᠣᠭᠯᠠᠯ ᠤᠨ ᠬᠥᠭᠵᠢᠯᠲᠡ ᠶᠢᠨ ᠬᠡᠯᠲᠡᠰ ᠤᠨ ᠷᠣᠣ ᠸᠧᠨ ᠮᠢᠨ ᠲᠥᠯᠥᠭᠡᠯᠡᠭᠴᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮ ᠤᠨ ᠸᠠᠩ ᠬᠤᠩ ᠢᠦᠢ ᠲᠥᠯᠥᠭᠡᠯᠡᠭᠴᠢ᠂ ᠬᠠᠮᠲᠤᠷᠠᠭᠰᠠᠨ ᠠᠷᠤ ᠲᠠᠯ᠎ᠠ ᠶᠢᠨ ᠪᠠᠲᠤᠯᠠᠭ᠎ᠠ ᠶᠢᠨ ᠴᠡᠷᠢᠭ ᠠᠩᠭᠢ ᠶᠢᠨ ᠲᠠᠩ ᠯᠢᠨ ᠬᠤᠶ ᠲᠥᠯᠥᠭᠡᠯᠡᠭᠴᠢ᠂ ᠬᠠᠭᠤᠷᠠᠢ ᠵᠠᠮ ᠤᠨ ᠴᠡᠷᠢᠭ ᠤᠨ ᠸᠠᠨ ᠶᠢᠨ ᠶᠠᠩ ᠲᠥᠯᠥᠭᠡᠯᠡᠭᠴᠢ᠂ ᠲᠡᠯᠡᠶ ᠶᠢᠨ ᠴᠡᠷᠢᠭ ᠤᠨ ᠸᠠᠩ ᠶᠠ ᠷᠦ᠋ ᠲᠥᠯᠥᠭᠡᠯᠡᠭᠴᠢ ᠳᠠᠷᠠᠭᠠᠯᠠᠨ ᠦᠭᠡ ᠬᠡᠯᠡᠵᠦ᠂ ᠤᠯᠤᠰ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠴᠢᠳᠠᠪᠤᠷᠢ ᠶᠢᠨ ᠪᠠᠶᠢᠭᠤᠯᠤᠯᠲᠠ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠦᠨ ᠪᠦᠲᠦᠭᠡᠨ ᠪᠠᠶᠢᠭᠤᠯᠬᠤ᠂ ᠤᠯᠤᠰ ᠤᠨ ᠨᠥᠭᠡᠴᠡ ᠶᠢᠨ ᠪᠦᠲᠦᠭᠡᠨ ᠪᠠᠶᠢᠭᠤᠯᠤᠯᠲᠠ᠂ ᠬᠢᠯᠢ ᠬᠢᠵᠠᠭᠠᠷ ᠤᠨ ᠲᠡᠯᠡᠶ ᠲᠠᠩᠭᠢᠰ ᠤᠨ ᠪᠠᠲᠤᠯᠠᠨ ᠬᠠᠮᠠᠭᠠᠯᠠᠯᠲᠠ ᠶᠢᠨ ᠠᠵᠢᠯ᠂ ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠵᠡᠷᠭᠡ ᠲᠠᠯ᠎ᠠ ᠶᠢᠨ ᠠᠰᠠᠭᠤᠳᠠᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃    ᠰᠢ ᠶᠢᠨ ᠫᠢᠩ ᠲᠥᠯᠥᠭᠡᠯᠡᠭᠴᠢ ᠨᠢᠭᠡᠪᠦᠷᠢ ᠶᠢᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠲᠡᠳᠡᠨ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠪᠠ᠃ 6 ᠲᠥᠯᠥᠭᠡᠯᠡᠭᠴᠢ ᠦᠭᠡ ᠬᠡᠯᠡᠭᠰᠡᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠭᠤᠣᠯᠳᠠᠭᠤ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠶᠢᠨ ᠲᠣᠭᠤᠷᠢᠨ ᠳᠤ ᠱᠠᠭᠠᠷᠳᠠᠯᠭ᠎ᠠ ᠳᠤᠷᠠᠳᠪᠠ᠃ ᠲᠡᠷᠡ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠶᠢᠨ ᠵᠠᠩᠭᠢᠯᠠᠭ᠎ᠠ ᠨᠢ ᠨᠢᠭᠡ ᠴᠣᠭᠴᠠᠵᠢᠭᠤᠯᠬᠤ ᠳᠡᠭᠡᠷ᠎ᠡ ᠬᠦᠴᠦ ᠲᠠᠯᠪᠢᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠬᠦ ᠳᠤ ᠪᠠᠶᠢᠨ᠎ᠠ᠃ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠡᠯ᠎ᠡ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠨᠢᠭᠡ ᠴᠣᠭᠴᠠᠵᠢᠭᠤᠯᠤᠨ ᠠᠭᠤᠰᠤᠯᠴᠠᠭᠤᠯᠬᠤ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠢᠭᠡ ᠴᠣᠭᠴᠠᠵᠢᠭᠤᠯᠤᠨ ᠨᠡᠶᠢᠳᠬᠡᠬᠦ᠂ ᠪᠠᠶᠢᠯᠳᠤᠬᠤ ᠪᠣᠳᠣᠯᠭ᠎ᠠ ᠶᠢᠨ ᠬᠦᠴᠦᠨ ᠢ ᠨᠢᠭᠡ ᠴᠣᠭᠴᠠᠵᠢᠭᠤᠯᠤᠨ ᠬᠡᠷᠡᠭᠯᠡᠬᠦ ᠶᠢ ᠴᠢᠩᠭᠠᠳᠬᠠᠵᠤ᠂ ᠮᠠᠨ ᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠶᠤᠯ ᠲᠦᠭᠰᠢᠭᠦᠷᠢ ᠶᠢ ᠠᠷᠭᠠᠴᠠᠭᠠᠬᠤ᠂ ᠪᠠᠶᠢᠯᠳᠤᠬᠤ ᠪᠣᠳᠣᠯᠭ᠎ᠠ ᠶᠢᠨ ᠠᠰᠢᠭ ᠲᠤᠰᠠ ᠶᠢ ᠬᠠᠮᠠᠭᠠᠯᠠᠬᠤ᠂ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠪᠦᠬᠦᠯᠢ ᠴᠣᠭᠴᠠ ᠶᠢᠨ ᠪᠣᠳᠠᠲᠤ ᠬᠦᠴᠦᠨ ᠢ ᠰᠢᠰᠲ᠋ᠧᠮ ᠲᠠᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠪᠦᠭᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠶᠢ ᠲᠤᠪᠤᠶᠢᠯᠭᠠᠵᠤ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠪᠦᠬᠦᠯᠢ ᠴᠣᠭᠴᠠ ᠶᠢᠨ ᠠᠬᠢᠴᠠ ᠶᠢ ᠳᠠᠶᠢᠴᠢᠯᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠭᠦ ᠶᠢ ᠭᠦᠨᠵᠡᠭᠡᠶᠢᠷᠡᠭᠦᠯᠵᠦ᠂ ᠤᠯᠤᠰ ᠤᠨ ᠲᠤᠷᠰᠢᠯᠲᠠ ᠶᠢᠨ ᠲᠠᠰᠤᠭ ᠢ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠡᠷᠡᠭᠯᠡᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ᠂ ᠠᠩᠬᠠᠨ ᠤ ᠰᠢᠨ᠎ᠡ ᠶᠢ ᠡᠭᠦᠳᠭᠦ ᠶᠢ ᠬᠦᠴᠦ ᠪᠠᠨ ᠲᠥᠪᠯᠡᠷᠡᠭᠦᠯᠦᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠲᠦᠷᠭᠡᠪᠴᠢᠯᠡᠨ ᠳᠡᠭᠡᠭᠰᠢᠯᠡᠭᠦᠯᠵᠦ᠂ ᠤᠯᠤᠰ ᠤᠨ ᠬᠥᠭᠵᠢᠯᠲᠡ ᠪᠣᠯᠣᠨ ᠳᠡᠯᠡᠬᠡᠢ ᠳᠡᠭᠡᠷᠡᠬᠢ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠡᠷᠢᠯᠬᠢᠯᠡᠬᠦ ᠬᠡᠷᠡᠭᠲᠡᠢ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠴᠡᠷᠢᠭ ᠢ ᠬᠦᠴᠦᠷᠬᠡᠭᠵᠢᠭᠦᠯᠬᠦ ᠳᠠᠶᠢᠨ ᠤ ᠢᠯᠠᠯᠲᠠ ᠶᠢ ᠣᠯᠬᠤ ᠳᠤ ᠦᠢᠯᠡᠴᠢᠯᠡᠬᠦ ᠤᠳᠤᠷᠢᠳᠤᠮᠵᠢ ᠶᠢ ᠴᠢᠩᠭᠠᠳᠬᠠᠵᠤ᠂ ᠰᠢᠰᠲ᠋ᠧᠮ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠴᠢᠩᠭᠠᠳᠬᠠᠬᠤ ᠬᠡᠷᠡᠭᠲᠡᠢ᠃ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠴᠢᠩᠭᠠᠳᠬᠠᠵᠤ᠂ ᠶᠡᠭᠡ ᠲᠠᠩᠰᠠ᠂ ᠶᠡᠷᠦᠩᠬᠡᠶᠢᠯᠡᠭᠰᠡᠨ ᠲᠠᠩᠰᠠ᠂ ᠠᠯᠤᠰ ᠭᠡᠲᠦ ᠶᠢᠨ ᠲᠠᠩᠰᠠ ᠶᠢ ᠪᠤᠳᠤᠬᠤ ᠳᠠᠭᠠᠨ ᠴᠢᠳᠠᠮᠠᠭᠠᠢ ᠪᠠᠶᠢᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠵᠦ ᠬᠠᠮᠲᠤ ᠪᠠᠷ ᠡᠳ᠋ᠯᠡᠭᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠲᠣᠮᠣ ᠤᠯᠤᠰ ᠤᠨ ᠨᠥᠭᠡᠴᠡ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠤᠰ ᠤᠨ ᠨᠥᠭᠡᠴᠡ ᠶᠢᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠵᠠᠢ᠃    ᠰᠢ ᠶᠢᠨ ᠫᠢᠩ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠳᠤ ᠡᠷᠬᠡᠪᠰᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠠᠴᠠ ᠬᠥᠳᠡᠯᠭᠡᠭᠦ ᠬᠦᠴᠦᠨ ᠣᠯᠬᠤ ᠬᠡᠷᠡᠭᠲᠡᠢ᠃ ᠡᠳᠡᠭᠡᠷ ᠵᠢᠯ ᠤᠳ ᠲᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠬᠤᠯᠪᠣᠭᠳᠠᠯ ᠪᠦᠬᠦᠢ ᠴᠢᠬᠤᠯᠠ ᠶᠡᠭᠡ ᠥᠭᠡᠷᠡᠴᠢᠯᠡᠯᠲᠡ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠴᠥᠭᠡᠨ ᠪᠤᠰᠤ ᠴᠢᠬᠤᠯᠠ ᠦᠷ᠎ᠡ ᠪᠦᠲᠦᠭᠡᠯ ᠣᠯᠪᠠ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠪᠠᠶᠢᠭᠤᠯᠤᠮᠵᠢ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠳᠦᠷᠢᠮ ᠢ ᠲᠡᠭᠦᠯᠳᠡᠷᠵᠢᠭᠦᠯᠵᠦ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠨᠢᠭᠲᠠ ᠬᠠᠮᠵᠢᠯᠴᠠᠭᠰᠠᠨ᠂ ᠵᠢᠷᠤᠮᠵᠢᠩᠭᠤᠢ ᠡᠮᠬᠢ ᠳᠢᠭᠯᠢᠮ ᠲᠠᠢ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠨᠢᠭᠡ ᠴᠣᠭᠴᠠᠵᠢᠭᠤᠯᠤᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠰᠢ ᠶᠢᠨ ᠫᠢᠩ᠂ ᠡᠨᠡ ᠵᠢᠯ ᠪᠣᠯ ᠶᠠᠨ ᠠᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠤ 80 ᠵᠢᠯ ᠤᠨ ᠤᠢ ᠪᠣᠯᠣᠨ᠎ᠠ᠃ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠪᠦᠭᠦ ᠨᠡᠶᠢᠭᠡᠮ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ᠂ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠢ ᠬᠦᠴᠦᠷᠬᠡᠭᠵᠢᠭᠦᠯᠬᠦ ᠶᠢ ᠠᠬᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ᠬᠤᠷᠠᠯ ᠠᠴᠠ ᠡᠮᠦᠨ᠎ᠡ᠂ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠭᠰᠠᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃
3-9-2.jpg
    3 ᠰᠠᠷ᠎ᠠ ᠶᠢᠨ 8 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠤᠷᠤᠯᠴᠠᠵᠤ ᠪᠠᠶᠢᠭ᠎ᠠ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠳᠤ ᠣᠷᠣᠯᠴᠠᠪᠠ᠃ ᠵᠢᠷᠤᠭ ᠪᠣᠯ ᠬᠤᠷᠠᠯ ᠠᠴᠠ ᠡᠮᠦᠨ᠎ᠡ᠂ ᠰᠢ ᠶᠢᠨ ᠫᠢᠩ ᠲᠥᠯᠥᠭᠡᠯᠡᠭᠴᠢᠳ ᠤᠨ ᠪᠦᠯᠭᠦᠮ ᠤᠨ ᠪᠦᠭᠦ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠭᠰᠠᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃    ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠬᠤᠷᠠᠯ ᠢ ᠡᠷᠭᠢᠯᠡᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢ ᠱᠠᠩ ᠹᠦ᠋᠂ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠬᠤᠷᠠᠯ ᠳᠤ ᠣᠷᠣᠯᠴᠠᠵᠠᠢ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号