ᠴᠢᠰᠤ ᠵᠣᠭᠰᠣᠭᠠᠬᠤ ᠮᠠᠲ᠋ᠧᠷᠢᠶᠠᠯ᠂ ᠤᠷᠢᠳᠴᠢᠯᠠᠨ ᠴᠡᠨᠡᠭᠯᠡᠬᠦ ᠬᠡᠯᠪᠡᠷᠢ ᠶᠢᠨ ᠳᠠᠮᠵᠢᠭᠤᠯᠬᠤ ᠬᠤᠭᠤᠯᠠᠶ ᠶᠢᠨ ᠤᠬᠢᠶᠠᠭᠤᠷ᠂ ᠲᠠᠷᠤᠯᠳᠠᠳᠦ ᠬᠥᠭᠡᠷᠭᠡ ᠶᠢᠨ ᠮᠤᠵᠢ ᠶᠢᠨ ᠬᠤᠭᠤᠷᠣᠨᠳᠣᠬᠢ ᠬᠤᠯᠪᠤᠭᠠᠯᠠᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠥᠷᠨᠢᠭᠦᠯᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/4/27
  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ︵ᠲᠥᠪ ᠲᠠᠷᠬᠠᠭᠠᠭᠰᠠᠨ ﹇2020﹈ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠬᠤᠯᠪᠣᠭᠠᠯᠠᠨ ᠬᠤᠳᠠᠯᠳᠤᠨ ᠠᠪᠬᠤ ᠶᠢ ᠢᠳᠡᠪᠬᠢᠲᠡᠶ ᠠᠬᠢᠭᠤᠯᠤᠨ᠂ ᠲᠥᠷᠥ ᠶᠢᠨ ᠪᠣᠳᠣᠯᠭ᠎ᠠ ᠪᠠ ᠬᠠᠮᠢᠶᠠᠷᠤᠯᠲᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠬᠤᠯᠪᠣᠭᠠᠯᠠᠨ ᠬᠤᠳᠠᠯᠳᠤᠨ ᠠᠪᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠤᠯᠠᠨ ᠲᠦᠮᠡᠨ ᠳᠤ ᠨᠡᠩ ᠰᠢᠯᠢᠳᠡᠭ ᠰᠠᠶᠢᠨ ᠪᠣᠳᠠᠲᠤ ᠠᠰᠢᠭ᠂ ᠡᠮ ᠡᠮᠨᠡᠯᠭᠡ ᠶᠢᠨ ᠦᠢᠯᠡᠴᠢᠯᠡᠭᠡ ᠬᠦᠷᠲᠡᠭᠡᠬᠦ ᠶᠢ ᠪᠠᠳᠤᠯᠠᠬᠤ ᠶᠢᠨ ᠲᠦᠯᠦᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ᠂ ᠬᠠᠮᠢᠶ᠎ᠠ ᠪᠥᠬᠦᠶ ᠮᠤᠵᠢ ᠶᠢ ᠵᠣᠬᠢᠶᠠᠨ ᠪᠠᠶᠢᠭᠤᠯᠤᠨ ᠴᠢᠰᠤ ᠵᠣᠭᠰᠣᠭᠠᠬᠤ ᠮᠠᠲ᠋ᠧᠷᠢᠶᠠᠯ᠂ ᠤᠷᠢᠳᠴᠢᠯᠠᠨ ᠴᠡᠨᠡᠭᠯᠡᠬᠦ ᠬᠡᠯᠪᠡᠷᠢ ᠶᠢᠨ ᠳᠠᠮᠵᠢᠭᠤᠯᠬᠤ ᠬᠤᠭᠤᠯᠠᠶ ᠶᠢᠨ ᠤᠬᠢᠶᠠᠭᠤᠷ᠂ ᠳᠠᠷᠤᠯᠲᠠᠲᠤ ᠬᠥᠭᠡᠷᠭᠡ ᠶᠢᠨ ᠮᠤᠵᠢ ᠶᠢᠨ ᠬᠤᠭᠤᠷᠣᠨᠳᠣᠬᠢ ᠬᠤᠯᠪᠤᠭᠠᠯᠠᠨ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠠᠵᠢᠯ ᠢ ᠥᠷᠨᠢᠭᠦᠯᠪᠡ᠃  ᠨᠢᠭᠡ᠂ ᠠᠵᠢᠯ ᠤᠨ ᠬᠠᠷᠠᠯᠲᠠ  ᠲᠤᠭ᠎ᠠ ᠬᠡᠮᠵᠢᠶ᠎ᠡ ᠪᠠ ᠦᠨ᠎ᠡ ᠬᠠᠩᠰᠢ ᠶᠢ ᠬᠤᠯᠪᠣᠭᠳᠠᠭᠤᠯᠬᠤ᠂ ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠶᠢ ᠨᠢᠭᠡᠳᠬᠡᠬᠦ᠂ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ᠂ ᠢᠯᠡ ᠲᠣᠳᠣ ᠪᠠᠶᠢᠬᠤ ᠶᠢ ᠪᠠᠷᠢᠮᠲᠠᠯᠠᠵᠤ᠂ ᠴᠢᠰᠤ ᠵᠣᠭᠰᠣᠭᠠᠬᠤ ᠮᠠᠲ᠋ᠧᠷᠢᠶᠠᠯ᠂ᠤᠷᠢᠳᠴᠢᠯᠠᠨ ᠴᠡᠨᠡᠭᠯᠡᠬᠦ ᠬᠡᠯᠪᠡᠷᠢ ᠶᠢᠨ ᠳᠠᠮᠵᠢᠭᠤᠯᠬᠤ ᠬᠤᠭᠤᠯᠠᠶ ᠶᠢᠨ ᠤᠬᠢᠶᠠᠭᠤᠷ᠂ ᠳᠠᠷᠤᠯᠲᠠᠲᠤ ᠬᠥᠭᠡᠷᠭᠡ ᠶᠢᠨ ᠮᠤᠵᠢ ᠶᠢᠨ ᠬᠤᠭᠤᠷᠣᠨᠳᠣᠬᠢ ᠬᠤᠯᠪᠤᠭᠠᠯᠠᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠵᠦᠶ ᠵᠣᠬᠢᠰᠲᠠᠶ ᠪᠤᠯᠭᠠᠬᠤ‌‍ᠶᠢ ᠠᠬᠢᠭᠤᠯᠵᠤ᠂ ᠣᠯᠠᠨ ᠲᠦᠮᠡᠨ ᠤ ᠵᠣᠯ ᠵᠢᠷᠭᠠᠯ ᠤᠨ ᠰᠡᠳᠬᠢᠭᠳᠡᠯ᠂ ᠬᠦᠷᠲᠡᠮᠵᠢ ᠶᠢᠨ ᠰᠡᠳᠬᠢᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃  ᠬᠤᠶᠠᠷ᠂ ᠬᠤᠳᠠᠯᠳᠤᠨ ᠠᠪᠬᠤ ᠬᠡᠪᠴᠢᠶ᠎ᠡ  ᠴᠢᠰᠤ ᠵᠣᠭᠰᠣᠬᠤ ᠮᠠᠲ᠋ᠧᠷᠢᠶᠠᠯ᠂ ᠤᠷᠢᠳᠴᠢᠯᠠᠨ ᠴᠡᠨᠡᠭᠯᠡᠬᠦ ᠬᠡᠯᠪᠡᠷᠢ ᠶᠢᠨ ᠳᠠᠮᠵᠢᠭᠤᠯᠬᠤ ᠬᠤᠭᠤᠯᠠᠶ ᠶᠢᠨ ᠤᠬᠢᠶᠠᠭᠤᠷ᠂ ᠳᠠᠷᠤᠯᠲᠠᠲᠤ ᠬᠥᠭᠡᠷᠭᠡ᠃  ᠭᠤᠷᠪᠠ᠂ ᠡᠮᠴᠢᠯᠡᠭᠡᠨ ᠤ ᠪᠠᠶᠢᠭᠤᠯᠤᠮᠵᠢ ᠶᠢᠨ ᠬᠡᠪᠴᠢᠶ᠎ᠡ  ᠡᠯ᠎ᠡ ᠬᠤᠯᠪᠣᠭᠠᠨ ᠤ ᠮᠤᠵᠢ ᠶᠢᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠪᠣᠯᠤᠨ ᠴᠡᠷᠢᠭ ᠠᠩᠬᠢ ᠶᠢᠨ ᠡᠮᠴᠢᠯᠡᠭᠡᠨ ᠤ ᠪᠠᠶᠢᠭᠤᠯᠤᠮᠵᠢ᠃ ᠪᠤᠰᠤᠳ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠡᠯ᠎ᠡ ᠬᠤᠯᠪᠣᠭᠠᠨ ᠤ ᠭᠠᠵᠠᠷ ᠣᠷᠣᠨ ᠤ ᠬᠠᠮᠢᠶ᠎ᠠ ᠪᠥᠬᠦᠶ ᠲᠣᠭᠲᠠᠭᠠᠯ ᠶᠣᠰᠣᠭᠠᠷ ᠥᠷᠨᠢᠭᠦᠯᠦᠨ᠎ᠡ᠃  ᠳᠥᠷᠪᠡ᠂ ᠬᠤᠳᠠᠯᠳᠤᠨ ᠠᠪᠬᠤ ᠪᠠᠶᠢᠭᠤᠯᠤᠮᠵᠢ ᠵᠢᠴᠢ ᠲᠠᠪᠴᠠᠩ  ᠲᠣᠰ ᠤᠳᠠᠭᠠᠨ ᠤ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ ᠮᠤᠵᠢ ᠶᠢᠨ ᠬᠤᠭᠤᠷᠣᠨᠳᠣᠬᠢ ᠬᠤᠯᠪᠤᠭᠠᠯᠠᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠤᠨ ᠤᠳᠤᠷᠢᠳᠬᠤ ᠳᠤᠭᠤᠶᠢᠯᠠᠩ ᠢ ᠪᠦᠷᠢᠯᠳᠦᠭᠦᠯᠵᠦ᠂ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠠᠴᠠ ᠲᠠᠪᠴᠠᠩ ᠤᠨ ᠠᠵᠢᠯᠯᠠᠭ᠎ᠠ ᠶᠢ ᠬᠠᠷᠢᠭᠤᠴᠠᠨ᠎ᠠ᠃  ᠲᠣᠰ ᠤᠳᠠᠭᠠᠨ ᠤ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠪᠣᠳᠠᠲᠠᠶ ᠲᠥᠷᠥᠯ ᠵᠦᠢᠯ᠂ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ᠂ ᠬᠤᠳᠠᠯᠳᠤᠨ ᠠᠪᠬᠤ ᠠᠷᠭ᠎ᠠ ᠮᠠᠶ᠋ᠢᠭ᠂ ᠬᠤᠳᠠᠯᠳᠤᠨ ᠠᠪᠬᠤ ᠱᠠᠭᠠᠷᠳᠠᠯᠭ᠎ᠠ᠂ ᠨᠠᠷᠢᠨ ᠲᠦᠷᠢᠮ ᠵᠡᠷᠭᠡ ᠶᠢ ᠵᠢᠩᠬᠢᠨᠢ ᠪᠠᠷ ᠨᠡᠶᠢᠲᠡᠯᠡᠭᠰᠡᠨ ᠬᠤᠳᠠᠯᠳᠤᠨ ᠠᠪᠬᠤ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠫᠣᠷᠲᠸᠯ ᠰᠦᠯᠵᠢᠶ᠎ᠡ ︵ᠰᠦᠯᠵᠢᠶᠡᠨ ᠤ ᠬᠠᠶ᠋ᠢᠭ http://ylbzj.nmg.gov.cn︶ ᠪᠠᠷ ᠳᠠᠮᠵᠢᠭᠤᠯᠤᠨ ᠨᠡᠶᠢᠲᠡᠯᠡᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ     2023 ᠣᠨ ᠤ 4 ᠳ᠋ᠦ᠋ᠭᠡᠷ ᠰᠠᠷ᠎ᠠ ᠶᠢᠨ 26 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号