ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠦᠷᠡᠵᠢᠯ ᠤᠨ ᠳᠠᠭᠠᠳᠬᠠᠯ ᠤᠨ ᠡᠮᠴᠢᠯᠡᠭᠡᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ ︵ᠰᠠᠨᠠᠯ ᠬᠤᠷᠢᠶᠠᠬᠤ ᠨᠣᠤᠷᠠᠭ︶︾ ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/6/1
  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2023 ᠣᠨ ᠤ 6 ᠳ᠋ᠤᠭᠠᠷ ᠰᠠᠷ᠎ᠠ ᠶᠢᠨ ᠡᠬᠢ ᠪᠠᠷ ︽ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠦᠷᠡᠵᠢᠯ ᠤᠨ ᠳᠠᠭᠠᠳᠬᠠᠯ ᠤᠨ ᠡᠮᠴᠢᠯᠡᠭᠡᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ ︵ᠰᠠᠨᠠᠯ ᠬᠤᠷᠢᠶᠠᠬᠤ ᠨᠣᠤᠷᠠᠭ︶︾ ᠶᠢᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠪᠠᠷ ᠪᠣᠶ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄  ᠨᠢᠭᠡ᠂ ᠣᠷᠣᠯᠴᠠᠬᠤ ᠬᠥᠮᠦᠰ  ᠭᠡᠷᠡᠴᠢᠯᠡᠭᠡ ᠰᠣᠨᠣᠰᠬᠤ ᠬᠤᠷᠠᠯ ᠳᠤ ᠨᠡᠶᠢᠲᠡ 11 ᠬᠥᠮᠦᠨ ᠣᠷᠣᠯᠴᠠᠭᠰᠠᠨ ᠪᠠᠶᠢᠵᠤ᠂ ᠡᠭᠦᠨ ᠳᠤ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 1 ᠬᠥᠮᠦᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ 1 ᠬᠥᠮᠦᠨ᠂ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠨ 1 ᠬᠥᠮᠦᠨ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ 2 ᠬᠥᠮᠦᠨ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠲᠥᠯᠥᠭᠡᠯᠡᠭᠴᠢ 4 ᠬᠥᠮᠦᠨ᠂ ᠲᠣᠰ ᠱᠠᠲᠤᠨ ᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠥᠯᠥᠭᠡᠯᠡᠭᠴᠢ 2 ᠬᠥᠮᠦᠨ ᠪᠣᠶ᠃  ᠬᠤᠶᠠᠷ᠂ ᠪᠤᠢ ᠪᠤᠯᠬᠤ ᠠᠷᠭ᠎ᠠ ᠬᠡᠯᠪᠡᠷᠢ  ︵ᠨᠢᠭᠡ︶ ᠭᠡᠷᠡᠴᠢᠯᠡᠭᠡ ᠰᠣᠨᠣᠰᠬᠤ ᠬᠤᠷᠠᠯ ᠤᠨ ᠣᠯᠠᠨ ᠲᠦᠮᠡᠨ ᠵᠢᠴᠢ ᠪᠠᠶᠢᠭᠤᠯᠤᠮᠵᠢ ᠶᠢᠨ ᠲᠥᠯᠥᠭᠡᠯᠡᠭᠴᠢ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠠᠷᠭ᠎ᠠ ᠮᠠᠶ᠋ᠢᠭ ᠢ ᠠᠪᠴᠤ᠂ ᠨᠡᠷ᠎ᠡ ᠮᠡᠳᠡᠭᠦᠯᠬᠦ ᠨᠢ ᠡᠮᠦᠨ᠎ᠡ ᠬᠤᠶᠢᠨᠠᠬᠢ ᠳᠡᠰ ᠳᠠᠷᠠᠭᠠᠯᠠᠯ ᠢᠶᠠᠷ ᠪᠦᠷᠢᠯᠳᠦᠵᠦ᠂ ᠨᠡᠷ᠎ᠡ ᠮᠡᠳᠡᠭᠦᠯᠬᠦ ᠬᠥᠮᠦᠨ ᠨᠢ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄  1. ᠪᠦᠬᠦᠯᠢ 18 ᠨᠠᠰᠤ ᠬᠦᠷᠴᠦ᠂ ᠢᠷᠭᠡᠨ ᠤ ᠬᠡᠷᠡᠭ ᠤᠨ ᠠᠵᠢᠯᠯᠠᠭᠠᠨ ᠤ ᠪᠦᠷᠢᠨ ᠴᠢᠳᠠᠪᠤᠷᠢ ᠲᠠᠢ ᠪᠠᠶᠢᠬᠤ ᠬᠡᠷᠡᠭᠲᠡᠢ᠃  2. ᠴᠢᠬᠤᠯᠠ ᠪᠦᠬᠦᠢ ᠬᠤᠪᠢ ᠬᠥᠮᠦᠨ ᠤ ᠮᠡᠳᠡᠭᠡ ᠵᠠᠩᠭᠢ ︵ᠣᠪᠣᠭ ᠨᠡᠷ᠎ᠡ᠂ ᠬᠦᠢᠰᠦ ᠤᠨ ᠢᠯᠭᠠᠯ᠂ ᠪᠡᠶ᠎ᠡ ᠶᠢᠨ ᠭᠠᠷᠤᠯ ᠠᠵᠢᠯ ᠮᠡᠷᠭᠡᠵᠢᠯ ᠵᠡᠷᠭᠡ ᠶᠢ ᠪᠠᠭᠲᠠᠭᠠᠨ᠎ᠠ︶ ᠶᠢ ᠢᠯᠡ ᠪᠣᠯᠭᠠᠬᠤ ᠶᠢ ᠵᠥᠪᠰᠢᠶᠡᠷᠡᠭᠰᠡᠨ ᠪᠠᠶᠢᠬᠤ ᠬᠡᠷᠡᠭᠲᠡᠢ᠃  3. ᠵᠣᠬᠢᠬᠤ ᠬᠡᠮᠵᠢᠶᠡᠨ ᠤ ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ ᠵᠠᠳᠠᠯᠬᠤ ᠪᠠ ᠦᠭᠡ ᠬᠡᠯᠡ ᠦᠰᠦᠭ ᠪᠢᠴᠢᠭ ᠤᠨ ᠢᠯᠡᠳᠭᠡᠬᠦ ᠴᠢᠳᠠᠪᠤᠷᠢ ᠲᠠᠢ ᠪᠠᠶᠢᠬᠤ ᠬᠡᠷᠡᠭᠲᠡᠢ᠃  4. ᠰᠠᠨᠠᠯ ᠢᠶᠠᠨ ᠪᠤᠰᠤᠳᠴᠢ ᠪᠠᠷ ᠢᠯᠡᠳᠬᠡᠵᠦ ᠴᠢᠳᠠᠬᠤ ᠪᠦᠭᠡᠳ ᠴᠠᠭ ᠲᠤᠬᠠᠶ ᠳᠤᠨᠢ ᠪᠦᠬᠦ ᠶᠠᠪᠤᠴᠠ ᠪᠠᠷ ᠬᠤᠷᠠᠯ ᠳᠤ ᠣᠷᠣᠯᠴᠠᠵᠤ ᠴᠢᠳᠠᠬᠤ ᠪᠠᠶᠢᠬᠤ ᠬᠡᠷᠡᠭᠲᠡᠢ᠃  5. ᠭᠡᠷᠡᠴᠢᠯᠡᠭᠡ ᠰᠣᠨᠣᠰᠬᠤ ᠬᠤᠷᠠᠯ ᠤᠨ ᠡᠯ᠎ᠡ ᠵᠦᠢᠯ ᠤᠨ ᠰᠠᠬᠢᠯᠭ᠎ᠠ ᠪᠠᠲᠤ ᠪᠣᠯᠤᠨ ᠠᠩᠬᠠᠷᠬᠤ ᠵᠦᠢᠯ ᠢ ᠵᠢᠷᠤᠮᠯᠠᠬᠤ ᠬᠡᠷᠡᠭᠲᠡᠶ᠃  ︵ᠬᠤᠶᠠᠷ︶ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠨ᠂ ᠴᠡᠭ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠤᠷᠢᠵᠤ ᠣᠷᠣᠯᠴᠠᠭᠤᠯᠤᠨ᠎ᠠ᠃  ︵ᠭᠤᠷᠪᠠ︶ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠭᠠᠵᠠᠷ ᠠᠯᠪᠠᠨ ᠭᠡᠷ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ᠂ ᠬᠠᠤᠯᠢᠴᠢ ᠶᠢᠨ ᠲᠥᠯᠥᠭᠡᠯᠡᠭᠴᠢ ᠵᠡᠷᠭᠡ ᠬᠤᠯᠪᠣᠭᠳᠠᠯ ᠪᠥᠬᠦᠶ ᠬᠥᠮᠦᠰ ᠢ ᠲᠣᠭᠲᠠᠭᠠᠯ ᠢ ᠦᠨᠳᠦᠰᠦᠯᠡᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠨᠠᠶᠢᠳᠠᠵᠤ ᠪᠠᠲᠤᠯᠠᠨ ᠲᠠᠨᠢᠯᠴᠠᠭᠤᠯᠬᠤ ᠪᠤᠶᠤ ᠤᠷᠢᠨ᠎ᠠ᠃  ᠭᠤᠷᠪᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ  ᠵᠣᠷᠢᠭᠤᠳᠠ ᠣᠷᠣᠯᠴᠠᠭᠰᠠᠳ 6 ᠳ᠋ᠤᠭᠠᠷ ᠰᠠᠷ᠎ᠠ ᠶᠢᠨ 8 ᠤ ᠡᠳᠦᠷ ᠠᠴᠠ ᠡᠮᠦᠨ᠎ᠡ ᠲᠣᠰ ᠬᠥᠮᠦᠨ ᠤ ᠪᠡᠶ᠎ᠡ ᠶᠢᠨ ᠦᠨᠡᠮᠯᠡᠯ ᠤᠨ ᠰᠢᠷᠪᠢᠯᠲᠡ ᠶᠢᠨ ᠵᠦᠢᠯ ᠪᠠ ︽ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ︾ ᠶᠢ ᠢᠮᠧᠯ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠢᠯᠡᠭᠡᠨ᠎ᠡ᠃  ᠬᠠᠷᠢᠯᠴᠠᠬᠤ ᠬᠥᠮᠦᠨ᠄ ᠯᠢᠦ ᠴᠢᠨ  ᠬᠠᠷᠢᠯᠴᠠᠬᠤ ᠣᠳᠠᠰᠣ᠄ 6606246  ᠹᠠᠺᠰ᠄ 0471 — 6606242  ᠢᠮᠧᠯ᠄ 27226252@qq. com  ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠬᠡᠷ ︵ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 53 ᠳ᠋ᠤᠭᠠᠷ ᠨᠣᠮᠧᠷᠲᠤ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ 4 ᠳ᠋ᠤᠭᠡᠷ ᠳᠠᠪᠬᠤᠷᠯᠢᠭ ᠤᠨ 416 ᠳ᠋ᠤᠭᠠᠷ ᠬᠤᠷᠠᠯ ᠤᠨ ᠬᠡᠷ︶᠃  ᠳᠠᠭᠠᠯᠳᠤᠭᠤᠯᠤᠯ᠄  1. ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ  2. ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ ᠳᠠᠭᠠᠳᠬᠠᠯ ᠤᠨ ᠡᠮᠴᠢᠯᠡᠭᠡᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ ︵ᠰᠠᠨᠠᠯ ᠬᠤᠷᠢᠶᠠᠬᠤ ᠨᠣᠤᠷᠠᠭ︶︾             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ            2023 ᠣᠨ ᠤ 6 ᠳ᠋ᠤᠭᠠᠷ ᠰᠠᠷ᠎ᠠ ᠶᠢᠨ 1 ᠤ ᠡᠳᠦᠷ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号