ᠤᠯᠤᠰ ᠠᠴᠠ ᠲᠥᠪᠯᠡᠷᠡᠭᠦᠯᠦᠨ ᠬᠤᠳᠠᠯᠳᠤᠨ ᠠᠪᠬᠤ ᠲᠢᠲᠢᠮ ᠰᠤᠳᠠᠯ ᠤᠨ ᠲᠤᠯᠭᠠᠭᠤᠷᠢ ᠶᠢᠨ ᠡᠮ ᠡᠮᠨᠡᠯᠭᠡ ᠶᠢᠨ ᠳᠠᠭᠠᠳᠬᠠᠯ ᠤᠨ ᠰᠢᠭᠤᠳ ᠳ᠋ᠦᠩᠨᠡᠨ ᠪᠤᠳᠤᠬᠤ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/6/5
        ᠥᠪᠥᠷ ᠡᠮ ᠬᠤᠳᠠᠯᠳᠤᠨ ᠠᠪᠬᠤ ᠲᠥᠪ ᠦᠰᠦᠭ ﹇2020﹈ 116 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠳᠤ᠄  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠪᠠᠷ ᠲᠥᠪᠯᠡᠷᠡᠭᠦᠯᠦᠨ ᠬᠤᠳᠠᠯᠳᠤᠵᠤ ᠠᠪᠬᠤ ᠠᠵᠢᠯ ᠢ ᠦᠷᠨᠢᠬᠦᠯᠵᠦ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠲᠠᠷᠬᠠᠭᠠᠭᠰᠠᠨ ﹇2022﹈ 12 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠤᠯᠤᠰ ᠤᠨ ᠵᠣᠬᠢᠶᠠᠨ ᠪᠠᠶᠢᠭᠤᠯᠤᠯᠲᠠ ᠪᠠᠷ ᠲᠢᠲᠢᠮ ᠰᠤᠳᠠᠯ ᠤᠨ ᠲᠤᠯᠭᠠᠭᠤᠷᠢ ᠶᠢ ᠲᠥᠪᠯᠡᠷᠡᠩᠭᠦᠶ ᠬᠡᠮᠵᠢᠶ᠎ᠡ ᠲᠠᠢ ᠬᠤᠳᠠᠯᠳᠤᠨ ᠠᠪᠬᠤ ᠳᠤᠮᠳᠠ ᠰᠣᠩᠭᠤᠭᠳᠠᠭᠰᠠᠨ ᠦᠢᠯᠡᠳᠬᠦᠨ ᠢ ᠰᠢᠭᠤᠳ ᠳ᠋ᠦᠩᠨᠡᠨ ᠪᠤᠳᠤᠬᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠲᠢᠲᠢᠮ ᠰᠤᠳᠠᠯ ᠤᠨ ᠲᠤᠯᠭᠠᠭᠤᠷᠢ ᠶᠢ ᠡᠮᠴᠢᠯᠡᠭᠡᠨ ᠤ ᠳᠠᠭᠠᠳᠬᠠᠯ ᠤᠨ ᠰᠢᠭᠤᠳ ᠳ᠋ᠦᠩᠨᠡᠨ ᠪᠤᠳᠤᠬᠤ ᠠᠵᠢᠯ ᠢ ᠨᠠᠩ ᠰᠠᠶᠢᠲᠤᠷ ᠠᠬᠢᠭᠤᠯᠬᠤ ᠶᠢᠨ ᠲᠤᠰᠠᠳᠠ᠂ 2023 ᠣᠨ ᠤ 6 ᠳ᠋ᠤᠭᠠᠷ ᠰᠠᠷ᠎ᠠ ᠶᠢᠨ 9 ᠤ ᠡᠳᠦᠷ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄  ᠨᠢᠭᠡ᠂ ᠬᠤᠷᠠᠯ ᠤᠨ ᠠᠭᠤᠯᠭ᠎ᠠ  ︵ᠨᠢᠭᠡ︶ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠠᠴᠠ ᠲᠥᠪᠯᠡᠷᠡᠭᠦᠯᠦᠨ ᠬᠤᠳᠠᠯᠳᠤᠵᠤ ᠠᠪᠬᠤ ᠬᠤᠷᠣᠭᠳᠠᠯ ᠮᠠᠲ᠋ᠧᠷᠢᠶᠠᠯ ᠢ ᠰᠢᠭᠤᠳ ᠳ᠋ᠦᠩᠨᠡᠨ ᠪᠤᠳᠤᠬᠤ ᠬᠠᠮᠢᠶ᠎ᠠ ᠪᠥᠬᠦᠶ ᠠᠵᠢᠯ ᠢ ᠲᠠᠨᠢᠯᠴᠠᠭᠤᠯᠪᠠ᠃  ︵ᠬᠤᠶᠠᠷ︶ ᠠᠵᠤ ᠠᠬᠤᠶᠢᠯᠠᠯ ᠤᠨ ᠲᠥᠯᠥᠭᠡᠯᠡᠭᠴᠢ ᠬᠤᠷᠣᠭᠳᠠᠯ ᠮᠠᠲ᠋ᠧᠷᠢᠶᠠᠯ ᠢ ᠳ᠋ᠦᠩᠨᠡᠨ ᠪᠤᠳᠤᠵᠤ ᠵᠣᠭᠤᠰ ᠪᠤᠴᠠᠭᠠᠬᠤ ᠬᠠᠮᠢᠶ᠎ᠠ ᠪᠥᠬᠦᠶ ᠠᠵᠢᠯ ᠤᠨ ᠲᠣᠭᠤᠷᠢᠨ ᠳᠤ ᠶᠠᠷᠢᠶ᠎ᠠ ᠲᠠᠯᠪᠢᠪᠠ᠃  ︵ᠭᠤᠷᠪᠠ︶ ᠥᠪᠡᠷᠲᠡᠭᠡᠨ ᠵᠠᠰᠠᠬᠤ ᠣᠷᠣᠨ ᠤ ᠡᠮ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠤᠳᠤᠷᠢᠳᠤᠯᠭ᠎ᠠ ᠶᠠᠷᠢᠶ᠎ᠠ ᠲᠠᠯᠪᠢᠪᠠ᠃  ᠬᠤᠶᠠᠷ᠂ ᠬᠤᠷᠠᠯ ᠤᠨ ᠴᠠᠭ ᠪᠠ ᠭᠠᠵᠠᠷ  ︵ᠨᠢᠭᠡ︶ ᠬᠤᠷᠠᠯ ᠤᠨ ᠴᠠᠭ᠄ 2023 ᠣᠨ ᠤ 6 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ 9᠄ 30᠃  ︵ᠬᠤᠶᠠᠷ︶ ᠬᠤᠷᠠᠯ ᠤᠨ ᠭᠠᠵᠠᠷ᠄ ᠷᠦ᠋ ᠢ ᠴᠡᠴᠡᠷᠯᠢᠭ ᠪᠠᠭᠤᠳᠠᠯ ᠤᠨ ᠲᠠᠪᠤᠳᠤᠭᠠᠷ ᠠᠰᠠᠷ ᠤᠨ ᠡᠮᠦᠨ᠎ᠡ ᠲᠣᠭᠤᠷᠢᠭ ᠤᠨ ᠭᠤᠷᠪᠠᠳᠤᠭᠠᠷ ᠬᠤᠷᠠᠯ ᠤᠨ ᠥᠷᠦᠭᠡ᠃ ︵ᠰᠠᠶᠢᠬᠠᠨ ᠲᠣᠭᠤᠷᠢᠭ ᠤᠨ ᠷᠦ᠋ ᠢ ᠰᠢᠨ᠎ᠡ ᠨᠡᠭᠡᠭᠡᠯᠲᠡ ᠶᠢᠨ ᠲᠣᠭᠤᠷᠢᠭ ᠤᠨ ᠷᠦ᠋ ᠢ ᠾᠧ ᠶᠡᠭᠡ ᠵᠡᠭᠡᠯᠢ ᠬᠢᠭᠡᠳ ᠸᠠᠨ ᠲᠦᠩ ᠵᠠᠮ ᠤᠨ ᠠᠭᠤᠯᠵᠠᠷ ᠠᠴᠠ ᠬᠤᠶᠢᠰᠢ ᠵᠠᠮ ᠤᠨ ᠪᠠᠷᠠᠭᠤᠨᠳᠠᠢ 300 ᠮᠧᠲᠷ︶  ᠭᠤᠷᠪᠠ᠂ ᠬᠤᠷᠠᠯ ᠳᠤ ᠣᠷᠣᠯᠴᠠᠭᠰᠠᠳ  ︵ᠨᠢᠭᠡ︶ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠤᠳᠤᠷᠢᠳᠤᠯᠭ᠎ᠠ᠃  ︵ᠬᠤᠶᠠᠷ︶ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠤᠨ ᠤᠳᠤᠷᠢᠳᠤᠯᠭ᠎ᠠ ᠵᠢᠴᠢ ᠠᠵᠢᠯᠳᠠᠳ᠃  ︵ᠭᠤᠷᠪᠠ︶ ᠲᠢᠲᠢᠮ ᠰᠤᠳᠠᠯ ᠤᠨ ᠲᠤᠯᠭᠠᠭᠤᠷᠢ ᠶᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ 1 ᠠᠴᠠ 2 ᠬᠥᠮᠦᠨ᠃  ᠳᠥᠷᠪᠡ᠂ ᠪᠤᠰᠤᠳ ᠵᠦᠢᠯ  ᠬᠤᠯᠪᠣᠭᠳᠠᠯ ᠪᠦᠬᠦᠢ ᠠᠵᠤ ᠠᠬᠤᠶᠢᠯᠠᠯ ᠤᠳ 6 ᠳ᠋ᠤᠭᠠᠷ ᠰᠠᠷ᠎ᠠ ᠶᠢᠨ 7 ᠤ ᠡᠳᠦᠷ ᠠᠴᠠ ᠡᠮᠦᠨ᠎ᠡ ᠬᠤᠷᠠᠯ ᠳᠤ ᠣᠷᠣᠯᠴᠠᠭᠰᠠᠳ  ᠤᠨ ᠢᠮᠧᠯ nmgyczxcw@163.com ᠳᠤ ᠪᠤᠴᠠᠭᠠᠨ ᠶᠠᠪᠤᠭᠤᠯᠤᠨ᠎ᠠ᠃  ᠬᠠᠷᠢᠯᠴᠠᠬᠤ ᠬᠥᠮᠦᠨ᠄ ᠵᠠᠩ ᠪᠠᠭᠰᠢ  ᠬᠠᠷᠢᠯᠴᠠᠬᠤ ᠣᠳᠠᠰᠣ᠄ 0471- 4938206  ᠳᠠᠭᠠᠯᠳᠤᠭᠤᠯᠤᠯ᠄ 1.ᠤᠯᠤᠰ ᠤᠨ ᠲᠢᠲᠢᠮ ᠰᠣᠳᠠᠯ ᠤᠨ ᠲᠤᠯᠭᠠᠭᠤᠷᠢ ᠵᠢ‌‍ᠲ᠋ᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ  2.ᠬᠤᠷᠠᠯ ᠳᠤ ᠣᠷᠣᠯᠴᠠᠭᠰᠠᠳ ᠤᠨ ᠬᠠᠷᠢᠮᠲᠠ                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ        2023 ᠣᠨ ᠤ6 ᠳ᠋ᠤᠭᠠᠷ ᠰᠠᠷ᠎ᠠ ᠶᠢᠨ5 ᠤ ᠡᠳᠦᠷ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号