ᠡᠯ᠎ᠡ ᠬᠤᠯᠪᠣᠭᠳᠠᠯ ᠪᠦᠬᠦᠢ ᠨᠢᠭᠡᠴᠢ ᠳᠤ ᠄ | ︽ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ | ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2024 ᠣᠨ︶ ᠢ ᠳᠠᠷᠤᠮᠠᠯᠯᠠᠨ ᠲᠠᠷᠬᠠᠭᠠᠬᠤ | ᠲᠤᠬᠠᠶ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠮᠡᠳᠡᠭᠳᠡᠯ ︾ ︵ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2024 ﹈ | 33 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠭᠡᠨ ᠤ ᠡᠮ | ᠵᠢᠴᠢ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠠᠵᠢᠯ ᠤᠨ ᠵᠢᠷᠤᠮᠵᠢᠭᠤᠯᠤᠯᠲᠠ᠂ | ᠨᠠᠷᠢᠯᠢᠬᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ | ᠰᠠᠶᠢᠲᠤᠷ ᠬᠠᠩᠭᠠᠵᠤ᠂ ᠡᠪᠡᠳᠴᠢᠲᠡᠨ ᠤ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ᠂ | ᠲᠤᠰᠬᠠᠶ ᠮᠡᠷᠭᠡᠵᠢᠯᠲᠡᠳ ᠤᠨ ᠵᠣᠬᠢᠶᠠᠨ ᠪᠠᠶᠢᠭᠤᠯᠤᠯᠲᠠ ᠪᠠᠷ ᠳᠡᠮᠵᠢᠨ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠭᠡᠨ ᠤ ᠡᠮ ᠤᠨ ᠭᠠᠷᠴᠠᠭ ︾ ᠲᠤ ᠲᠣᠬᠢᠷᠠᠭᠤᠯᠤᠯᠲᠠ | ᠬᠢᠵᠦ᠂ 22 ᠡᠮ ᠤᠨ ᠵᠦᠢᠯ ᠢ ᠰᠢᠨ᠎ᠡ ᠪᠠᠷ ᠨᠡᠮᠡᠵᠦ᠂ 7 ᠡᠮ ᠤᠨ ᠵᠦᠢᠯ ᠢ ᠰᠢᠯᠵᠢᠭᠦᠯᠦᠨ ᠭᠠᠷᠭᠠᠬᠤ ᠪᠠᠷ | ᠲᠥᠯᠥᠪᠯᠡᠵᠦ ᠪᠣᠶ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠤᠰ ᠨᠡᠪᠲᠡᠷᠡᠬᠦ ᠵᠠᠮ ᠤᠨ | ᠬᠠᠮᠢᠶᠠᠷᠤᠯᠲᠠ ᠶᠢᠨ ᠡᠮ ᠤᠨ ᠵᠦᠢᠯ ᠤᠨ ᠭᠠᠷᠴᠠᠭ︾ ᠢ ᠰᠢᠨ᠎ᠡ ᠪᠠᠷ 89 ᠡᠮ ᠤᠨ ᠵᠦᠢᠯ ᠢ ᠰᠢᠨ᠎ᠡ ᠪᠠᠷ ᠨᠡᠮᠡᠵᠦ ᠂ | 2 ᠡᠮ ᠤᠨ ᠵᠦᠢᠯ ᠢ ᠰᠢᠯᠵᠢᠭᠦᠯᠦᠨ ᠭᠠᠷᠭᠠᠬᠤ ᠪᠠᠷ ᠲᠥᠯᠥᠪᠯᠡᠵᠦ ᠪᠣᠶ᠃ ᠤᠯᠤᠰ ᠤᠨ ︽2024 ᠣᠨ ᠤ ᠡᠮ ᠤᠨ | ᠵᠦᠢᠯ ᠤᠨ ᠭᠠᠷᠴᠠᠭ︾ ᠲᠠᠢ ᠵᠡᠷᠭᠡ ᠪᠠᠷ ᠬᠡᠷᠡᠭᠵᠢᠭᠦᠯᠵᠦ᠂ ᠡᠳᠦᠭᠡ ᠨᠡᠶᠢᠲᠡᠯᠡᠬᠦ ᠪᠠᠷ ᠪᠣᠢ ᠂ ᠬᠡᠷᠪᠡ ᠣᠨᠳᠣᠤ | ᠰᠠᠨᠠᠯ ᠲᠠᠢ ᠪᠣᠯ ᠴᠠᠭ ᠲᠤᠬᠠᠶ ᠳᠤ ᠨᠢ ᠬᠠᠷᠢᠭᠤ ᠲᠤᠰᠬᠠᠵᠤ ᠪᠣᠯᠤᠨ᠎ᠠ᠃ | ᠨᠡᠶᠢᠲᠡᠯᠡᠬᠦ ᠴᠠᠭ᠄ 2024 ᠣᠨ ᠤ 12 ᠳ᠋ᠤᠭᠠᠷ ᠰᠠᠷ᠎ᠠ ᠶᠢᠨ 13 ᠤ ᠡᠳᠦᠷ ᠠᠴᠠ 17 ᠤ ᠡᠳᠦᠷ ᠪᠣᠯᠲᠠᠯ᠎ᠠ | ᠬᠠᠷᠢᠯᠴᠠᠬᠤ ᠬᠥᠮᠦᠨ᠄ ᠤᠷᠢᠬᠠᠨ | ᠬᠠᠷᠢᠯᠴᠠᠬᠤ ᠤᠲᠠᠰᠤ᠄ 0471 - 6606262 ︵ᠹᠠᠺᠰ︶ | ᠢᠮᠧᠯ᠄ nmgyyfwglc@163.com | ᠳᠠᠭᠠᠯᠳᠤᠭᠤᠯᠤᠯ᠄ 1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠭᠦᠳᠡᠨ ᠡᠮᠨᠡᠯᠭᠡ ᠶᠢᠨ | ᠣᠨᠴᠠᠭᠠᠢ ᠬᠡᠷᠡᠭᠯᠡᠭᠡᠨ ᠤ ᠡᠮ ᠤᠨ ᠭᠠᠷᠴᠠᠭ︾ | 2. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠣᠰ ᠨᠡᠪᠲᠡᠷᠡᠬᠦ ᠵᠠᠮ ᠤᠨ | ᠬᠠᠮᠢᠶᠠᠷᠤᠯᠲᠠ ᠶᠢᠨ ᠡᠮ ᠤᠨ ᠵᠦᠢᠯ ᠤᠨ ᠭᠠᠷᠴᠠᠭ︾ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | 2024 ᠣᠨ ᠤ 12 ᠳ᠋ᠤᠭᠠᠷ ᠰᠠᠷ᠎ᠠ ᠶᠢᠨ 13 ᠤ ᠡᠳᠦᠷ | | ᠳᠠᠭᠠᠯᠳᠤᠭᠤᠯᠤᠯ᠄ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠭᠦᠳᠡᠨ ᠡᠮᠨᠡᠯᠭᠡ ᠶᠢᠨ ᠤᠨᠴᠠᠭᠠᠢ ᠬᠡᠷᠡᠭᠯᠡᠭᠡᠨ ᠤ ᠡᠮ ᠤᠨ | ᠭᠠᠷᠴᠠᠭ.pdf | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠣᠰ ᠨᠡᠪᠲᠡᠷᠡᠬᠦ ᠵᠠᠮ ᠤᠨ ᠬᠠᠮᠢᠶᠠᠷᠤᠯᠲᠠ ᠶᠢᠨ ᠡᠮ ᠤᠨ | ᠵᠦᠢᠯ ᠤᠨ ᠭᠠᠷᠴᠠᠭ.pdf | | |