ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠡᠯᠡᠯ
ᠨᠡᠶᠢᠲᠡᠯᠡᠭᠰᠡᠨ ᠴᠠᠭ᠄
2024/3/22
ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠯ᠎ᠡ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠲᠤ᠄  2023 ᠣᠨ ᠤ 11 ᠳ᠋ᠦ᠋ᠭᠡᠷ ᠰᠠᠷ᠎ᠠ ᠶᠢᠨ 10 ᠤ ᠡᠳᠦᠷ᠂ ᠬᠥᠬᠡᠬᠤᠲᠠ ᠶᠢᠨ ᠮᠢᠨ ᠾᠧ ᠡᠮ ᠤᠨ ᠲᠣᠮᠣ ᠳᠡᠯᠭᠡᠭᠦᠷ ᠤᠨ ᠡᠮ ᠡᠮᠨᠡᠯᠭᠡ ᠶᠢᠨ ᠬᠢᠵᠠᠭᠠᠷᠲᠤ ᠺᠣᠮᠫᠠᠨᠢ ᠡᠮ ᠤᠨ ᠵᠦᠢᠯ ᠢ ᠰᠣᠯᠢᠬᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠠᠰᠠᠭᠤᠳᠠᠯ ᠤᠨ ᠰᠦᠪᠡᠭᠴᠢ ᠣᠷᠣᠰᠢᠵᠤ ᠪᠠᠶᠢᠬᠤ ᠣᠯᠠᠨ ᠲᠦᠮᠡᠨ ᠤ ᠲᠤᠰᠬᠠᠯ ᠢ ᠣᠯᠤᠭᠰᠠᠨ ᠪᠠᠶᠢᠨ᠎ᠠ᠂ ᠮᠠᠨ ᠤ ᠲᠥᠪ ᠠᠵᠢᠯᠲᠠᠨ ᠢᠶᠠᠨ ᠴᠠᠭ ᠲᠤᠬᠠᠶ ᠳᠤ ᠨᠢ ᠵᠣᠬᠢᠶᠠᠨ ᠪᠠᠶᠢᠭᠤᠯᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠤᠨ ᠦᠢᠯᠡᠴᠢᠯᠡᠭᠡᠨ ᠤ ᠬᠡᠯᠡᠯᠴᠡᠭᠡᠷ︾ ᠤᠨ ᠲᠣᠭᠲᠠᠭᠠᠯ ᠶᠣᠰᠣᠭᠠᠷ᠂ ᠲᠣᠰ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠲᠤ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ᠃ ᠡᠳᠦᠭᠡ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠢ ᠳᠣᠣᠷᠠᠬᠢ ᠮᠡᠲᠦ ᠮᠡᠳᠡᠭᠳᠡᠶ᠎ᠡ᠄  ᠨᠢᠭᠡ᠂ ᠬᠠᠷᠭᠤᠭᠤᠯᠤᠨ ᠪᠠᠶᠢᠴᠠᠭᠠᠭᠰᠠᠨ ᠪᠠᠶᠢᠳᠠᠯ  ᠰᠢᠰᠲ᠋ᠧᠮ ᠠᠴᠠ ᠲᠤᠭ᠎ᠠ ᠪᠠᠷᠢᠮᠲᠠ ᠶᠢ ᠰᠢᠯᠵᠢᠭᠦᠯᠦᠨ ᠠᠪᠤᠭᠰᠠᠨ ᠵᠢᠴᠢ ᠲᠤᠬᠠᠶ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ᠂ ᠲᠣᠰ ᠡᠮ ᠤᠨ ᠳᠡᠯᠭᠡᠭᠦᠷ ᠲᠤ ᠡᠮ ᠤᠨ ᠵᠦᠢᠯ ᠢ ᠰᠣᠯᠢᠭᠰᠠᠨ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠷᠤᠰᠢᠵᠤ ᠪᠠᠶᠢᠬᠤ ᠶᠢ ᠢᠯᠡᠷᠡᠭᠦᠯᠦᠨ᠂ ᠲᠣᠭᠲᠠᠭᠠᠯ ᠠᠴᠠ ᠵᠥᠷᠢᠴᠡᠭᠰᠡᠨ ᠵᠠᠷᠤᠳᠠᠯ ᠨᠡᠶᠢᠲᠡ 208568.91 ᠲᠥᠭᠦᠷᠢᠭ ᠪᠠᠶᠢᠪᠠ᠃  ᠬᠤᠶᠠᠷ᠂ ᠰᠢᠢᠳᠪᠦᠷᠢᠯᠡᠭᠰᠡᠨ ᠦᠨᠳᠦᠰᠦᠯᠡᠯ ᠵᠢᠴᠢ ᠦᠷ᠎ᠡ ᠳ᠋ᠦᠩ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠤᠨ ᠦᠢᠯᠡᠴᠢᠯᠡᠭᠡᠨ ᠤ ᠬᠡᠯᠡᠯᠴᠡᠭᠡᠷ︾ ᠤᠨ ᠵᠢᠷᠠᠨ ᠳᠣᠯᠣᠳᠤᠭᠠᠷ ᠵᠣᠷᠪᠤᠰ ᠤᠨ ᠳᠣᠯᠣᠳᠤᠭᠠᠷ ᠵᠦᠢᠯ᠂ ᠳᠠᠯᠠᠨ ᠨᠢᠭᠡᠳᠦᠭᠡᠷ ᠵᠣᠷᠪᠤᠰ ᠤᠨ ᠭᠤᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠭᠠᠷᠴᠠᠭ ᠤᠨ ᠳᠣᠲᠣᠷᠠᠬᠢ ᠰᠣᠯᠢᠭᠰᠠᠨ ᠡᠮ ᠤᠨ ᠵᠦᠢᠯ ᠳᠤ ᠬᠤᠯᠪᠣᠭᠳᠠᠭᠰᠠᠨ ᠠᠰᠠᠭᠤᠳᠠᠯ ᠳᠤ ᠲᠣᠭᠲᠠᠭᠠᠯ ᠠᠴᠠ ᠵᠥᠷᠢᠴᠡᠭᠰᠡᠨ 207130.41 ᠲᠥᠭᠦᠷᠢᠭ ᠢ ᠨᠡᠬᠡᠮᠵᠢᠯᠡᠨ ᠰᠢᠢᠳᠪᠦᠷᠢᠯᠡᠪᠡ᠃ ᠭᠠᠷᠴᠠᠭ ᠠᠴᠠ ᠭᠠᠳᠠᠨ᠎ᠠ ᠡᠮ ᠤᠨ ᠵᠦᠢᠯ ᠢ ᠰᠣᠯᠢᠭᠰᠠᠨ ᠠᠰᠠᠭᠤᠳᠠᠯ ᠳᠤ ᠲᠣᠭᠲᠠᠭᠠᠯ ᠠᠴᠠ ᠵᠥᠷᠢᠴᠡᠭᠰᠡᠨ1438.5 ᠲᠥᠭᠦᠷᠢᠭ ᠢ ᠨᠡᠬᠡᠮᠵᠢᠯᠡᠨ ᠠᠪᠴᠢᠷᠠᠵᠤ᠂ ᠡᠮᠴᠢᠯᠡᠭᠡᠨ ᠤ ᠳᠠᠭᠠᠳᠬᠠᠯ ᠤᠨ ᠬᠡᠯᠡᠯᠴᠡᠭᠡᠷ ᠢ ᠬᠦᠴᠦᠨ ᠥᠬᠡᠶ ᠪᠣᠯᠭᠠᠵᠤ᠂ ᠨᠢᠭᠡ ᠵᠢᠯ ᠤᠨ ᠳᠣᠲᠣᠷ᠎ᠠ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠢ ᠭᠤᠶᠤᠴᠢᠯᠠᠨ ᠮᠡᠳᠡᠭᠦᠯᠵᠦ ᠪᠣᠯᠬᠤ ᠥᠬᠡᠶ ᠪᠠᠷ ᠰᠢᠢᠳᠪᠦᠷᠢᠯᠡᠪᠡ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ2024 ᠣᠨ ᠤ 3 ᠳ᠋ᠤᠭᠠᠷ ᠰᠠᠷ᠎ᠠ ᠶᠢᠨ 19 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号