ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢᠨ ᠶᠠᠷᠢᠯᠴᠠᠬᠤ ᠬᠤᠷᠠᠯ ᠤᠨ ᠬᠤᠷᠠᠯ ᠳᠤ ᠣᠷᠣᠯᠴᠠᠭᠰᠠᠳ ᠢ ᠡᠯᠰᠡᠬᠦ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠵᠠᠷᠯᠠᠯ
ᠨᠡᠶᠢᠲᠡᠯᠡᠭᠰᠡᠨ ᠴᠠᠭ᠄
2024/4/16
  ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠮᠴᠢᠯᠡᠭᠡᠨ ᠤ ᠪᠠᠶᠢᠭᠤᠯᠤᠮᠵᠢ᠂ ᠡᠮᠴᠢ ᠰᠤᠪᠢᠯᠠᠭᠴᠢ ᠶᠢᠨ ᠡᠪᠡᠳᠴᠢᠲᠡᠨ ᠤ ᠳᠤᠭᠤᠶᠢᠯᠠᠩ ︵DRG︶ ᠪᠠ ᠡᠪᠡᠳᠴᠢᠨ ᠤ ᠲᠥᠷᠥᠯ ᠤᠨ ᠨᠣᠭᠳᠠᠯ ᠬᠤᠪᠢ ︵DIP︶ ᠪᠠᠷ ᠰᠦᠢᠳᠭᠡᠯ ᠲᠤᠰᠢᠶᠠᠬᠤ ᠥᠭᠡᠷᠡᠴᠢᠯᠡᠯᠲᠡ ᠶᠢᠨ ᠲᠤᠬᠠᠶ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠡᠮᠴᠢᠯᠡᠭᠡᠨ ᠤ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢᠨ ᠬᠠᠮᠵᠢᠯᠴᠠᠨ ᠬᠥᠭᠵᠢᠬᠦ ᠪᠠ ᠵᠠᠰᠠᠯᠲᠠ ᠶᠢ ᠠᠬᠢᠭᠤᠯᠬᠤ ᠶᠢᠨ ᠲᠥᠯᠥᠭᠡ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠠᠴᠠ ᠲᠣᠰ ᠭᠠᠷᠠᠭ ᠲᠤ ᠬᠤᠷᠠᠯ ᠬᠤᠷᠠᠯᠳᠤᠭᠤᠯᠵᠤ᠂ ᠲᠥᠪᠯᠡᠷᠡᠭᠦᠯᠦᠨ ᠶᠠᠷᠢᠯᠴᠠᠨ ᠰᠣᠯᠢᠯᠴᠠᠬᠤ ᠶᠢ ᠵᠣᠬᠢᠶᠠᠨ ᠪᠠᠶᠢᠭᠤᠯᠵᠤ᠂ ᠥᠷᠭᠡᠨ ᠣᠯᠠᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠭᠴᠢ᠂ ᠡᠮᠴᠢ ᠰᠤᠪᠢᠯᠠᠭᠴᠢ ᠶᠢᠨ ᠨᠡᠷ᠎ᠡ ᠮᠡᠳᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃ ᠡᠳᠦᠭᠡ ᠬᠠᠮᠢᠶ᠎ᠠ ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ᠃  ᠨᠢᠭᠡ᠂ ᠦᠨᠳᠦᠰᠦᠨ ᠨᠥᠬᠦᠴᠡᠯ  ︵ᠨᠢᠭᠡ︶ ᠣᠳᠣᠬᠠᠨ ᠳᠤ ᠡᠮᠴᠢᠯᠡᠭᠡᠨ ᠤ ᠪᠠᠶᠢᠭᠤᠯᠤᠮᠵᠢ ᠳᠤ ᠠᠵᠢᠯᠯᠠᠵᠤ ᠪᠠᠶᠢᠭ᠎ᠠ ᠪᠡᠶ᠎ᠡ ᠭᠠᠷᠤᠯ ᠲᠠᠢ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠭᠴᠢ᠂ ᠡᠮᠴᠢᠯᠡᠭᠡᠨ ᠤ ᠳᠠᠭᠠᠳᠬᠠᠯ ᠤᠨ ᠠᠯᠪᠠᠨ ᠬᠡᠷ ᠤᠨ ᠬᠠᠷᠢᠭᠤᠴᠠᠯᠭᠠᠲᠠᠳ᠂ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢ᠂ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠨᠢ DRG/DIP ᠶᠢᠨ ᠰᠦᠢᠳᠭᠡᠯ ᠲᠤᠰᠢᠶᠠᠬᠤ ᠶᠢ ᠨᠢᠭᠡ ᠵᠢᠯ ᠠᠴᠠ ᠳᠡᠭᠡᠭᠰᠢ ᠬᠡᠷᠡᠭᠵᠢᠭᠦᠯᠵᠦ᠂ ᠲᠤᠰᠬᠠᠭᠰᠠᠨ ᠪᠠᠶᠢᠳᠠᠯ ᠪᠠ ᠰᠠᠨᠠᠯ ᠨᠢ ᠨᠡᠯᠢᠶᠡᠳ ᠴᠢᠩᠭ᠎ᠠ ᠲᠥᠯᠥᠭᠡᠯᠡᠬᠦ ᠴᠢᠨᠠᠷ ᠲᠠᠢ ᠃  ︵ᠬᠤᠶᠠᠷ︶ ᠡᠮᠴᠢᠯᠡᠭᠡᠨ ᠤ ᠳᠠᠭᠠᠳᠬᠠᠯ ᠤᠨ ᠦᠢᠯᠡᠰ ᠲᠤ ᠣᠷᠭᠢᠯᠣᠮ᠎ᠠ ᠬᠠᠯᠠᠭᠤᠨ ᠰᠡᠳᠭᠢᠯᠭᠡ ᠲᠠᠢ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠰᠠᠶᠢᠨ ᠮᠡᠳᠡᠳᠡᠭ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠬᠠᠯᠠᠮᠵᠢᠯᠠᠳᠠᠭ᠃  ︵ᠭᠤᠷᠪᠠ︶ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠶᠠᠪᠤᠴᠠ ᠵᠢᠴᠢ ᠬᠤᠯᠪᠤᠭᠳᠠᠯ ᠪᠥᠬᠦᠶ ᠬᠠᠮᠢᠶᠠᠷᠤᠯᠲᠠ ᠶᠢᠨ ᠲᠦᠷᠢᠮ ᠢ ᠲᠣᠳᠣᠷᠬᠠᠶ ᠣᠶᠢᠯᠠᠭᠠᠳᠠᠭ᠃  ᠬᠤᠶᠠᠷ᠂ ᠬᠤᠷᠠᠯ ᠤᠨ ᠲᠣᠬᠢᠷᠠᠭᠤᠯᠤᠯᠲᠠ  ︵ᠨᠢᠭᠡ︶ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠶᠠᠷᠢᠯᠴᠠᠬᠤ ᠬᠤᠷᠠᠯ᠃  ᠴᠠᠭ᠄ 2024 ᠣᠨ ᠤ 4  ᠳ᠋ᠦ᠋ᠭᠡᠷ ᠰᠠᠷ᠎ᠠ ᠶᠢᠨ 17 ᠤ ᠡᠳᠦᠷ ︵ᠭᠠᠷᠠᠭ ᠤᠨ ᠭᠤᠷᠪᠠᠨ︶ ᠤᠨ ᠦᠳᠡ ᠶᠢᠨ ᠡᠮᠦᠨ᠎ᠡ᠃  ᠭᠠᠵᠠᠷ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠤᠷᠠᠯ ᠤᠨ ᠭᠡᠷ ︵ᠬᠠᠶ᠋ᠢᠭ᠄ ᠪᠡᠭᠡᠵᠢᠩ ᠬᠤᠲᠠ ᠶᠢᠨ ᠪᠠᠷᠠᠭᠤᠨ ᠬᠤᠲᠠ ᠲᠣᠭᠤᠷᠢᠭ ᠤᠨ ᠶᠤᠸᠠᠢ ᠲᠠᠨ ᠬᠤᠶᠢᠲᠤ ᠪᠠᠭ᠎ᠠ ᠵᠡᠭᠡᠯᠢ ᠶᠢᠨ 2 ᠳ᠋ᠤᠭᠠᠷ ᠲᠣᠭᠠᠲᠤ︶᠃  ᠣᠷᠣᠯᠴᠠᠬᠤ ᠡᠲᠡᠭᠡᠳ᠄ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠳ ᠤᠨ ᠲᠥᠯᠥᠭᠡᠯᠡᠭᠴᠢ᠃  ︵ᠬᠤᠶᠠᠷ︶ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠶᠠᠷᠢᠯᠴᠠᠬᠤ ᠬᠤᠷᠠᠯ᠃  ᠴᠠᠭ᠄ 2024 ᠣᠨ ᠤ 4 ᠳ᠋ᠦ᠋ᠭᠡᠷ ᠰᠠᠷ᠎ᠠ ᠶᠢᠨ 18 ᠤ ᠡᠳᠦᠷ ︵ᠭᠠᠷᠠᠭ ᠤᠨ ᠳᠥᠷᠪᠡᠨ︶ ᠤᠨ ᠦᠳᠡ ᠶᠢᠨ ᠡᠮᠦᠨ᠎ᠡ᠃  ᠭᠠᠵᠠᠷ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠤᠷᠠᠯ ᠤᠨ ᠭᠡᠷ᠃  ᠣᠷᠣᠯᠴᠠᠬᠤ ᠡᠲᠡᠭᠡᠳ᠄ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠳ ᠤᠨ ᠲᠥᠯᠥᠭᠡᠯᠡᠭᠴᠢ ︵ᠬᠤᠷᠠᠯ ᠳᠤ ᠣᠷᠣᠯᠴᠠᠬᠤ ᠠᠷᠪᠠ ᠭᠠᠷᠤᠢ ᠬᠦᠮᠦᠨ︶᠃  ︵ᠭᠤᠷᠪᠠ︶ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠭᠴᠢᠳ ᠤᠨ ᠶᠠᠷᠢᠯᠴᠠᠬᠤ ᠬᠤᠷᠠᠯ᠃  ᠴᠠᠭ᠄ 2024 ᠣᠨ ᠤ 4 ᠳ᠋ᠦ᠋ᠭᠡᠷ ᠰᠠᠷ᠎ᠠ ᠶᠢᠨ 19 ᠤ ᠡᠳᠦᠷ ︵ᠭᠠᠷᠠᠭ ᠤᠨ ᠲᠠᠪᠤᠨ︶ ᠤᠨ ᠦᠳᠡ ᠶᠢᠨ ᠡᠮᠦᠨ᠎ᠡ᠃  ᠭᠠᠵᠠᠷ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠤᠷᠠᠯ ᠤᠨ ᠭᠡᠷ᠃  ᠣᠷᠣᠯᠴᠠᠬᠤ ᠡᠲᠡᠭᠡᠳ᠄ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠠᠯᠪᠠᠨ ᠭᠡᠷ ᠤᠨ ᠬᠠᠷᠢᠭᠤᠴᠠᠯᠭᠠᠲᠠᠨ ᠪᠤᠶᠤ ᠠᠵᠢᠯᠲᠠᠨ ᠤ ᠲᠥᠯᠥᠭᠡᠯᠡᠭᠴᠢ ︵ᠬᠤᠷᠠᠯ ᠳᠤ ᠣᠷᠣᠯᠴᠠᠬᠤ ᠠᠷᠪᠠ ᠭᠠᠷᠤᠢ ᠬᠥᠮᠦᠨ︶᠃  ︵ᠲᠦᠷᠪᠡ︶ ᠡᠮᠴᠢ ᠰᠤᠪᠢᠯᠠᠭᠴᠢᠳ ᠤᠨ ᠶᠠᠷᠢᠯᠴᠠᠬᠤ ᠬᠤᠷᠠᠯ᠃  ᠴᠠᠭ᠄ 2024 ᠣᠨ ᠤ 4 ᠳ᠋ᠦ᠋ᠭᠡᠷ ᠰᠠᠷ᠎ᠠ ᠶᠢᠨ 20 ᠤ ᠡᠳᠦᠷ ︵ᠭᠠᠷᠠᠭ ᠤᠨ ᠵᠢᠷᠭᠤᠭᠠᠨ︶ ᠤᠨ ᠦᠳᠡ ᠶᠢᠨ ᠡᠮᠦᠨ᠎ᠡ᠃  ᠭᠠᠵᠠᠷ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠤᠷᠠᠯ ᠤᠨ ᠭᠡᠷ᠃  ᠣᠷᠣᠯᠴᠠᠬᠤ ᠡᠲᠡᠭᠡᠳ᠄ ᠨᠢᠭᠡᠳᠦᠭᠡᠷ ᠹᠷᠣᠨᠲ ᠤᠨ ᠡᠮᠨᠡᠯᠭᠡ ᠶᠢᠨ ᠠᠵᠢᠯᠲᠠᠨ᠂ ᠰᠤᠪᠢᠯᠠᠭᠴᠢ ᠶᠢᠨ ᠲᠥᠯᠥᠭᠡᠯᠡᠭᠴᠢ ︵ᠬᠤᠷᠠᠯ ᠳᠤ ᠣᠷᠣᠯᠴᠠᠬᠤ ᠠᠷᠪᠠ ᠭᠠᠷᠤᠢ ᠬᠥᠮᠦᠨ︶᠃  ︵ᠲᠠᠪᠤ︶ ᠡᠮᠴᠢ ᠰᠤᠪᠢᠯᠠᠭᠴᠢᠳ ᠤᠨ ᠶᠠᠷᠢᠯᠴᠠᠬᠤ ᠬᠤᠷᠠᠯ᠃  ᠴᠠᠭ᠄ 2024 ᠣᠨ ᠤ 4 ᠳ᠋ᠦ᠋ᠭᠡᠷ ᠰᠠᠷ᠎ᠠ ᠶᠢᠨ 20 ᠤ ᠡᠳᠦᠷ ︵ᠭᠠᠷᠠᠭ ᠤᠨ ᠵᠢᠷᠭᠤᠭᠠᠨ︶ ᠤᠨ ᠦᠳᠡ ᠶᠢᠨ ᠬᠤᠶᠢᠨ᠎ᠠ᠃  ᠭᠠᠵᠠᠷ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠤᠷᠠᠯ ᠤᠨ ᠭᠡᠷ᠃  ᠣᠷᠣᠯᠴᠠᠬᠤ ᠡᠲᠡᠭᠡᠳ᠄ ᠨᠢᠭᠡᠳᠦᠭᠡᠷ ᠹᠷᠣᠨᠲ ᠤᠨ ᠡᠮᠨᠡᠯᠭᠡ ᠶᠢᠨ ᠠᠵᠢᠯᠲᠠᠨ᠂ ᠰᠤᠪᠢᠯᠠᠭᠴᠢ ᠶᠢᠨ ᠲᠥᠯᠥᠭᠡᠯᠡᠭᠴᠢ ︵ᠬᠤᠷᠠᠯ ᠳᠤ ᠣᠷᠣᠯᠴᠠᠬᠤ ᠠᠷᠪᠠ ᠭᠠᠷᠤᠢ ᠬᠥᠮᠦᠨ︶᠃  ᠭᠤᠷᠪᠠ᠂ ᠨᠡᠷ᠎ᠡ ᠮᠡᠳᠡᠭᠦᠯᠬᠦ ᠬᠡᠯᠪᠡᠷᠢ  ︵ᠨᠢᠭᠡ︶ ᠬᠤᠪᠢ ᠬᠦᠮᠦᠨ ᠥᠪᠡᠷ ᠢ ᠪᠠᠨ ᠲᠠᠨᠢᠯᠴᠠᠭᠤᠯᠬᠤ ᠬᠡᠯᠪᠡᠷᠢ ᠪᠠᠷ ᠨᠡᠷ᠎ᠡ ᠮᠡᠳᠡᠭᠦᠯᠬᠦ ᠶᠢᠨ ᠬᠠᠮᠲᠤ ᠪᠠᠶᠢᠭ᠎ᠠ ᠨᠢᠭᠡᠴᠢ ᠶᠢᠨ ᠢᠶᠠᠨ ᠵᠥᠪᠰᠢᠶᠡᠷᠡᠯ ᠢ ᠣᠯᠬᠤ᠃  ︵ᠬᠤᠶᠠᠷ︶ ᠭᠠᠷᠠᠭ ᠤᠨ ᠭᠤᠷᠪᠠᠨ᠂ ᠭᠠᠷᠠᠭ ᠤᠨ ᠳᠥᠷᠪᠡᠨ ᠤ ᠬᠤᠷᠠᠯ ᠳᠤ ᠨᠡᠷ᠎ᠡ ᠮᠡᠳᠡᠭᠦᠯᠵᠦ ᠣᠷᠣᠯᠴᠠᠭᠰᠠᠳ 4 ᠳ᠋ᠦ᠋ᠭᠡᠷ ᠰᠠᠷ᠎ᠠ ᠶᠢᠨ 16 ᠤ ᠡᠳᠦᠷ ︵ᠭᠠᠷᠠᠭ ᠤᠨ ᠬᠤᠶᠠᠷ︶ ᠤᠨ ᠦᠳᠡ ᠶᠢᠨ ᠬᠤᠶᠢᠨᠠᠬᠢ 5 ᠴᠠᠭ ᠠᠴᠠ ᠡᠮᠦᠨ᠎ᠡ ᠥᠪᠡᠷ ᠤᠨ ᠲᠠᠨᠢᠯᠴᠠᠭᠤᠯᠭ᠎ᠠ ᠶᠢᠨ ᠬᠦᠰᠦᠨᠦᠭᠲᠦ ᠪᠠᠨ yyszfc@nhsa.gov.cn ᠳᠤ ᠶᠠᠪᠤᠭᠤᠯᠤᠭᠠᠷᠠᠢ ᠃ ᠭᠠᠷᠠᠭ ᠤᠨ ᠲᠠᠪᠤᠨ ᠭᠠᠷᠠᠭ ᠤᠨ ᠵᠢᠷᠭᠤᠭᠠᠨ ᠤ ᠬᠤᠷᠠᠯ ᠳᠤ ᠨᠡᠷ᠎ᠡ ᠮᠡᠳᠡᠭᠦᠯᠵᠦ ᠣᠷᠣᠯᠴᠠᠭᠰᠠᠳ 4 ᠳ᠋ᠦ᠋ᠭᠡᠷ ᠰᠠᠷ᠎ᠠ ᠶᠢᠨ17 ᠤ ᠡᠳᠦᠷ ︵ᠭᠠᠷᠠᠭ ᠤᠨ ᠭᠤᠷᠪᠠᠨ︶ ᠤᠨ ᠦᠳᠡ ᠶᠢᠨ ᠬᠤᠶᠢᠨᠠᠬᠢ 5 ᠴᠠᠭ ᠠᠴᠠ ᠡᠮᠦᠨ᠎ᠡ ᠥᠪᠡᠷ ᠤᠨ ᠲᠠᠨᠢᠯᠴᠠᠭᠤᠯᠭ᠎ᠠ ᠶᠢᠨ ᠬᠦᠰᠦᠨᠦᠭᠲᠦ ᠪᠠᠨ yyszfc@nhsa.gov.cn  ᠳᠤ ᠶᠠᠪᠤᠭᠤᠯᠤᠭᠠᠷᠠᠢ ᠃  ᠳᠥᠷᠪᠡ᠂ ᠪᠤᠰᠤᠳ ᠵᠦᠢᠯ  ︵ᠨᠢᠭᠡ︶ ᠬᠤᠷᠠᠯ ᠳᠤ ᠣᠷᠣᠯᠴᠠᠭᠰᠠᠳ ᠵᠠᠮ ᠬᠠᠷᠢᠯᠴᠠᠭᠠᠨ ᠤ ᠰᠦᠢᠳᠬᠡᠯ᠂ ᠢᠳᠡᠵᠦ ᠤᠤᠭᠤᠬᠤ ᠬᠤᠨᠣᠵᠤ ᠬᠡᠪᠲᠡᠬᠦ ᠰᠦᠢᠳᠬᠡᠯ ᠢᠶᠠᠨ ᠥᠪᠡᠷᠲᠡᠭᠡᠨ ᠰᠢᠢᠳᠪᠦᠷᠢᠯᠡᠨ᠎ᠡ᠃  ︵ᠬᠤᠶᠠᠷ︶ ᠴᠠᠭ᠂ ᠲᠠᠯᠠᠪᠤᠷ ᠵᠡᠷᠭᠡ ᠰᠢᠯᠲᠠᠭᠠᠨ ᠠᠴᠠ ᠪᠣᠯᠵᠣ᠂ ᠬᠤᠷᠠᠯ ᠳᠤ ᠣᠷᠣᠯᠴᠠᠭᠰᠠᠳ ᠢ ᠤᠯᠤᠰ ᠤᠨ ᠡᠮᠴᠢᠯᠡᠭᠡᠨ ᠤ ᠡᠮᠴᠢᠯᠡᠭᠡᠨ ᠤ ᠲᠣᠪᠴᠢᠶ᠎ᠠ ᠶᠢᠨ ᠰᠢᠯᠢᠨ ᠰᠣᠩᠭᠤᠭᠰᠠᠨ ᠤ ᠳᠠᠷᠠᠭ᠎ᠠ ᠲᠣᠭᠲᠠᠭᠠᠨ᠎ᠠ᠃ ᠪᠣᠳᠠᠲᠠᠶ ᠶᠠᠷᠢᠯᠴᠠᠵᠤ ᠰᠣᠯᠢᠯᠴᠠᠬᠤ ᠴᠠᠭ᠂ ᠭᠠᠵᠠᠷ ᠢ ᠤᠲᠠᠰᠤ ᠪᠠᠷ ᠠᠰᠲᠠᠭᠠᠨ ᠮᠡᠳᠡᠭᠳᠡᠨ᠎ᠡ᠃  ᠳᠠᠭᠠᠯᠳᠤᠭᠤᠯᠤᠯ᠄ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢᠨ ᠶᠠᠷᠢᠯᠴᠠᠬᠤ ᠬᠤᠷᠠᠯ ᠤᠨ ᠥᠪᠡᠷ ᠤᠨ ᠲᠠᠨᠢᠯᠴᠠᠭᠤᠯᠭ᠎ᠠ ᠶᠢᠨ ᠬᠦᠰᠦᠨᠦᠭ  ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ2024 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ   ᠳᠠᠭᠠᠯᠳᠤᠭᠤᠯᠤᠯ᠄  ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢᠨ ᠶᠠᠷᠢᠯᠴᠠᠬᠤ ᠬᠤᠷᠠᠯ ᠤᠨ ᠥᠪᠡᠷ ᠤᠨ ᠲᠠᠨᠢᠯᠴᠠᠭᠤᠯᠭ᠎ᠠ ᠶᠢᠨ ᠬᠦᠰᠦᠨᠦᠭ.docx

 

 

 
ᠢᠷᠡᠯᠲᠡ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号