2024 ᠣᠨ ᠤ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠠᠯᠪᠠᠨ ᠵᠢᠷᠤᠮ ᠤᠨ ᠬᠢᠨᠠᠯᠲᠠ ᠲᠠᠯᠪᠢᠭᠴᠢ ᠡᠯᠰᠡᠬᠦ ᠲᠤᠬᠠᠶ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠠᠯᠪᠠᠨ ᠵᠠᠷ
ᠨᠡᠶᠢᠲᠡᠯᠡᠭᠰᠡᠨ ᠴᠠᠭ᠄
2024/4/6
  ᠪᠥᠬᠦ ᠨᠡᠶᠢᠭᠡᠮ ᠤᠨ ᠬᠢᠨ ᠤ ᠡᠮᠴᠢᠯᠡᠭᠡ ᠶᠢᠨ ᠪᠠᠲᠤᠯᠠᠭ᠎ᠠ ᠶᠢᠨ ᠦᠢᠯᠡᠰ ᠲᠤ ᠣᠷᠣᠯᠴᠠᠵᠤ ᠬᠠᠯᠠᠮᠵᠢᠯᠠᠬᠤ ᠶᠢ ᠬᠥᠲᠥᠯᠥᠨ ᠵᠢᠯᠣᠭᠤᠳᠴᠤ᠂ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠣᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ       ᠲᠤᠰᠠᠳᠠ᠂ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠨᠡᠶᠢᠭᠡᠮ ᠨᠡᠶᠢᠲᠡ ᠠᠴᠠ 2024 ᠣᠨ ᠤ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ 15 ᠡᠯᠰᠡᠬᠦ ᠪᠠᠷ ᠪᠠᠶᠢᠨ᠎ᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠠᠯᠪᠠᠨ ᠵᠠᠷ ᠢᠶᠠᠷ ᠨᠡᠶᠢᠲᠡᠯᠡᠶ᠎ᠡ᠄᠃  ᠨᠢᠭᠡ᠂ ᠦᠨᠳᠦᠰᠦᠨ ᠨᠥᠬᠦᠴᠡᠯ  ︵ᠨᠢᠭᠡ︶ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ᠂ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠬᠦᠷᠢᠶᠡᠯᠡᠵᠦ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠦᠭᠰᠡᠨ ᠪᠠᠶᠢᠬᠤ ᠬᠡᠷᠡᠭᠲᠡᠢ︔  ︵ᠬᠤᠶᠠᠷ︶ ᠡᠮᠴᠢᠯᠡᠭᠡ ᠶᠢᠨ ᠪᠠᠲᠤᠯᠠᠭ᠎ᠠ ᠶᠢᠨ ᠦᠢᠯᠡᠰ ᠲᠤ ᠬᠠᠯᠠᠭᠤᠨ ᠰᠡᠳᠬᠢᠯ ᠲᠠᠢ ᠪᠠᠶᠢᠵᠤ᠂ ᠠᠷᠠᠳ ᠤᠨ ᠲᠥᠯᠥᠭᠡ ᠭᠡᠬᠦ ᠰᠡᠳᠬᠢᠯᠭᠡ ᠶᠢ ᠪᠠᠲᠤ ᠰᠠᠬᠢᠵᠤ᠂ ᠨᠡᠯᠢᠶᠡᠳ ᠴᠢᠩᠭ᠎ᠠ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ ᠬᠡᠷᠡᠭᠲᠡᠶ︔  ︵ᠭᠤᠷᠪᠠ︶ ᠵᠠᠷᠴᠢᠮ ᠢ ᠪᠠᠷᠢᠮᠲᠠᠯᠠᠨ᠂ ᠦᠨᠡᠨ ᠠᠴᠠ ᠵᠥᠪ ᠢ ᠡᠷᠢᠵᠦ᠂ ᠦᠨᠡᠨᠴᠢ ᠢᠲᠡᠭᠡᠮᠵᠢᠲᠡᠶ᠂ ᠲᠥᠪ ᠭᠤᠤᠯᠴᠢ ᠪᠠᠶᠢᠵᠤ᠂ ᠠᠵᠢᠯ ᠮᠡᠷᠭᠡᠵᠢᠯ ᠤᠨ ᠶᠣᠰᠣ ᠮᠣᠷᠠᠯ ᠪᠠ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠢᠷᠤᠮᠯᠠᠨ ᠰᠠᠬᠢᠬᠤ ᠬᠡᠷᠡᠭᠲᠡᠶ︔  ︵ᠲᠦᠷᠪᠡ︶ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠵᠡᠷᠭᠡ ᠠᠰᠠᠭᠤᠳᠠᠯ ᠭᠠᠷᠤᠭᠰᠠᠨ ᠦᠭᠡᠢ᠂ ᠨᠡᠶᠢᠭᠡᠮ ᠳᠡᠭᠡᠷ᠎ᠡ ᠮᠠᠭᠤ ᠨᠥᠯᠥᠭᠡ ᠭᠠᠷᠭᠠᠭᠰᠠᠨ ᠵᠡᠷᠭᠡ ᠲᠠᠯ᠎ᠠ ᠶᠢᠨ ᠠᠰᠠᠭᠤᠳᠠᠯ ᠭᠠᠷᠤᠭᠰᠠᠨ ᠦᠭᠡᠢ︔  ︵ᠲᠠᠪᠤ︶ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠪᠤᠶᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠪᠠᠶᠢᠬᠤ ᠬᠡᠷᠡᠭᠲᠡᠢ︔  ︵ᠵᠢᠷᠭᠤᠭ᠎ᠠ︶ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠡᠵᠡᠩᠨᠡᠨ ᠪᠣᠷᠣᠯᠠᠭᠤᠯᠬᠤ ᠬᠠᠮᠢᠶ᠎ᠠ ᠪᠥᠬᠦᠶ ᠠᠵᠢᠯ ᠡᠷᠭᠢᠯᠡᠭᠰᠡᠳ ᠪᠤᠰᠤ ᠪᠠᠶᠢᠬᠤ ᠮᠥᠷᠲᠡᠭᠡᠨ ᠬᠠᠮᠢᠶ᠎ᠠ ᠪᠥᠬᠦᠶ ᠠᠵᠢᠯ ᠤᠨ ᠥᠩᠭᠡᠷᠡᠯᠲᠡ ᠥᠬᠡᠶ ᠪᠠᠶᠢᠵᠤ᠂ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠯᠤᠭ᠎ᠠ ᠠᠰᠢᠭ ᠲᠤᠰᠠ ᠶᠢᠨ ᠮᠥᠷᠭᠦᠯᠳᠦᠭᠡᠨ ᠥᠬᠡᠶ ᠪᠠᠶᠢᠬᠤ ᠬᠡᠷᠡᠭᠲᠡᠶ︔  ︵ᠲᠤᠯᠤᠭ᠎ᠠ︶ ᠨᠢᠭᠤᠴᠠ ᠶᠢ ᠬᠠᠮᠠᠭᠠᠯᠠᠵᠤ᠂ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠵᠥᠪᠰᠢᠶᠡᠷᠡᠭᠦᠯᠦᠭᠰᠡᠨ ᠦᠭᠡᠢ ᠪᠠᠷ ᠬᠢᠨᠠᠯᠲᠠ ᠲᠠᠯᠪᠢᠬᠤ ᠠᠵᠢᠯᠯᠠᠭ᠎ᠠ ᠳᠤ ᠣᠷᠣᠯᠴᠠᠭᠠᠳ ᠣᠯᠵᠤ ᠮᠡᠳᠡᠭᠰᠡᠨ ᠠᠵᠢᠯ ᠤᠨ ᠠᠭᠤᠯᠭ᠎ᠠ ᠪᠠ ᠮᠡᠳᠡᠭᠡ ᠵᠠᠩᠭᠢ ᠶᠢ ᠢᠯᠡ ᠪᠣᠯᠭᠠᠬᠤ ᠪᠤᠶᠤ ᠵᠠᠳᠠᠷᠠᠭᠤᠯᠵᠤ ᠪᠣᠯᠬᠤ ᠦᠭᠡᠢ᠃  ᠬᠤᠶᠠᠷ᠂ ᠠᠵᠢᠯ ᠤᠨ ᠭᠤᠣᠯ ᠡᠭᠦᠷᠭᠡ  ︵ᠨᠢᠭᠡ︶ 2024 ᠣᠨ ᠤ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ᠎ᠠ︔  ︵ᠬᠤᠶᠠᠷ︶ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠤᠨ ᠲᠤᠬᠠᠶ ᠠᠷᠠᠳ ᠣᠯᠠᠨ ᠤ ᠰᠠᠨᠠᠯ᠂ ᠰᠠᠨᠠᠭᠤᠯᠭ᠎ᠠ ᠶᠢ ᠲᠤᠰᠬᠠᠨ᠎ᠠ︔  ︵ᠭᠤᠷᠪᠠ︶ ᠰᠦᠯᠵᠢᠶ᠎ᠡ ᠪᠠ ᠶᠠᠷᠢᠶ᠎ᠠ ᠬᠡᠯᠡᠯᠴᠡᠭᠡᠨ ᠤ ᠬᠠᠷᠢᠯᠴᠠᠨ ᠬᠥᠳᠡᠯᠦᠯᠴᠡᠬᠦ ᠳᠤ ᠢᠳᠡᠪᠬᠢᠲᠡᠶ ᠣᠷᠣᠯᠴᠠᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠦᠭᠡ ᠬᠡᠯᠡ ᠪᠠᠷ ᠲᠠᠶᠢᠯᠤᠮᠵᠢ ᠬᠢᠵᠦ᠂ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠤᠨ ᠪᠣᠳᠠᠲᠤ ᠪᠠᠶᠢᠳᠠᠯ ᠢ ᠲᠤᠰᠬᠠᠵᠤ᠂ ᠢᠳᠡᠪᠬᠢ ᠬᠦᠴᠦᠨ ᠢ ᠪᠠᠳᠠᠷᠠᠭᠤᠯᠬᠤ ᠮᠥᠷᠲᠡᠭᠡᠨ ᠪᠠᠰᠠ ᠬᠢᠨᠠᠯᠲᠠ ᠲᠠᠯᠪᠢᠬᠤ ᠶᠢ ᠰᠠᠶᠢᠲᠤᠷ ᠬᠢᠬᠦ ᠬᠡᠷᠡᠭᠲᠡᠶ᠃  ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠨᠡᠷ᠎ᠡ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ 15 ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠰᠣᠩᠭᠤᠨ ᠤᠷᠢᠬᠤ ᠶᠢᠨ ᠬᠠᠮᠲᠤ ᠬᠠᠮᠢᠶ᠎ᠠ ᠪᠥᠬᠦᠶ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢᠨ ᠴᠠᠭ᠂ ᠭᠠᠵᠠᠷ ᠢ ᠦᠨᠳᠦᠰᠦᠯᠡᠨ᠂ ᠬᠡᠰᠡᠭ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠤᠷᠢᠵᠤ 2024 ᠣᠨ ᠤ ᠡᠮ ᠤᠨ ᠵᠦᠢᠯ᠂ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠥᠬᠦᠶ ᠠᠵᠢᠯᠯᠠᠭ᠎ᠠ ᠳᠤ ᠣᠷᠣᠯᠴᠠᠭᠤᠯᠤᠨ᠎ᠠ᠂ ᠵᠢᠱᠢᠶᠡᠯᠡᠪᠡᠯ ᠲᠥᠪᠯᠡᠷᠡᠭᠦᠯᠦᠨ ᠬᠤᠳᠠᠯᠳᠤᠨ ᠠᠪᠬᠤ ᠳᠠᠭᠠᠭᠠᠴᠢᠯᠠᠯᠲᠠ ᠨᠡᠶᠢᠲᠡᠯᠡᠬᠦ ᠭᠡᠷᠡᠴᠢᠯᠡᠬᠦ ᠲᠤᠬᠠᠶ ᠶᠢᠨ ᠲᠠᠯᠠᠪᠠᠶ ᠳᠤ ᠣᠷᠣᠯᠴᠠᠬᠤ᠂ ᠬᠠᠪᠰᠤᠷᠤᠨ ᠪᠠᠶᠢᠴᠠᠭᠠᠨ ᠰᠤᠳᠤᠯᠤᠯᠲᠠ ᠬᠢᠬᠦ᠂ ᠰᠠᠨᠠᠯ ᠰᠠᠨᠠᠭᠤᠯᠭ᠎ᠠ ᠶᠢ ᠰᠣᠨᠣᠰᠬᠤ ᠵᠡᠷᠭᠡ ᠪᠣᠯᠤᠨ᠎ᠠ᠃  ᠭᠤᠷᠪᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ  ᠬᠤᠪᠢ ᠬᠥᠮᠦᠨ ᠤ ᠪᠡᠶ᠎ᠡ ᠪᠠᠨ ᠲᠠᠨᠢᠯᠴᠠᠭᠤᠯᠬᠤ ᠬᠡᠯᠪᠡᠷᠢ ᠪᠠᠷ ᠨᠡᠷ᠎ᠡ ᠮᠡᠳᠡᠭᠦᠯᠦᠨ᠎ᠡ᠂ ᠰᠠᠨᠠᠭ᠎ᠠ ᠲᠠᠢ ᠬᠥᠮᠦᠨ 4 ᠳ᠋ᠦ᠋ᠭᠡᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨᠠᠬᠢ 18 ᠴᠠᠭ ᠠᠴᠠ ᠡᠮᠦᠨ᠎ᠡ ᠮᠡᠳᠡᠭᠡ ᠵᠠᠩᠭᠢ ᠶᠢᠨ ᠳᠡᠩᠰᠡᠯᠡᠯᠲᠡ ᠶᠢᠨ ᠬᠦᠰᠦᠨᠦᠭᠲᠦ ᠪᠠᠨ ᠢᠮᠧᠯ zcc @ nhsa . gov . cn ᠳᠤ ᠶᠠᠪᠤᠭᠤᠯᠤᠭᠠᠷᠠᠶ᠃  ᠳᠥᠷᠪᠡ᠂ ᠪᠤᠰᠤᠳ ᠵᠦᠢᠯ  ︵ᠨᠢᠭᠡ︶ ᠡᠯᠰᠡᠨ ᠴᠤᠭᠯᠠᠭᠤᠯᠬᠤ ᠠᠯᠪᠠᠨ ᠵᠢᠷᠤᠮ ᠤᠨ ᠬᠢᠨᠠᠯᠲᠠ ᠲᠠᠯᠪᠢᠭᠴᠢ ᠬᠥᠯᠥᠰᠥ ᠣᠯᠭᠤᠮᠵᠢ ᠦᠭᠡᠢ᠂ ᠲᠥᠪᠯᠡᠷᠡᠭᠦᠯᠦᠨ ᠬᠤᠳᠠᠯᠳᠤᠨ ᠠᠪᠬᠤ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠭᠰᠠᠨ ᠵᠠᠮ ᠬᠠᠷᠢᠯᠴᠠᠭ᠎ᠠ᠂ ᠬᠤᠭᠤᠯᠠ ᠬᠤᠨᠤᠭ ᠤᠨ ᠵᠠᠷᠤᠳᠠᠯ ᠢᠶᠠᠨ ᠥᠪᠡᠷ ᠢᠶᠠᠨ ᠬᠠᠷᠢᠭᠤᠴᠠᠨ᠎ᠠ︔  ︵ᠬᠤᠶᠠᠷ︶ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢ ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠲᠣᠪᠴᠢᠶ᠎ᠠ ᠶᠢᠨ ᠰᠢᠯᠢᠨ ᠰᠣᠩᠭᠤᠯᠲᠠ ᠪᠠᠷ ᠳᠡᠮᠵᠢᠨ ᠨᠡᠶᠢᠭᠡᠮ ᠳᠤ ᠢᠯᠡ ᠨᠡᠶᠢᠲᠡᠯᠡᠵᠦ᠂ ᠢᠯᠡ ᠨᠡᠶᠢᠲᠡᠯᠡᠭᠡᠳ ᠤᠨᠳᠤᠤ ᠰᠠᠨᠠᠯ ᠥᠬᠡᠶ ᠪᠣᠯ ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠲᠣᠪᠴᠢᠶ᠎ᠠ ᠨᠤᠲᠠᠯᠠᠨ ᠲᠣᠭᠲᠠᠭᠠᠬᠤ ᠶᠢᠨ ᠬᠠᠮᠲᠤ ᠢᠯᠡ ᠨᠡᠶᠢᠲᠡᠯᠡᠨ᠎ᠡ᠃  ᠳᠠᠭᠠᠯᠳᠤᠭᠤᠯᠤᠯ᠄ ᠡᠮᠴᠢᠯᠡᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠮᠡᠳᠡᠭᠡ ᠵᠠᠩᠭᠢ ᠶᠢᠨ ᠬᠦᠰᠦᠨᠦᠭᠲᠦ    ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠲᠣᠪᠴᠢᠶᠠᠨ ᠤ ᠠᠯᠪᠠᠨ ᠭᠡᠷ  2024 ᠣᠨ ᠤ 4 ᠳ᠋ᠦ᠋ᠭᠡᠷ ᠰᠠᠷ᠎ᠠ ᠶᠢᠨ 3 ᠤ ᠡᠳᠦᠷ

 

 

 
ᠢᠷᠡᠯᠲᠡ᠄ ︽ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ︾ ᠶᠢᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号