ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ︽ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠣᠭ ᠰᠠᠨᠠᠭ᠎ᠠ ᠪᠠᠨ ᠪᠠᠲᠤᠳᠬᠠᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/7
  2024 ᠣᠨ ᠤ 4 ᠳ᠋ᠦ᠋ᠭᠡᠷ ᠰᠠᠷ᠎ᠠ ᠶᠢᠨ 2 ᠤᠨ ᠦᠳᠡ ᠶᠢᠨ ᠬᠤᠶᠢᠨ᠎ᠠ᠂ ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠤᠨ ᠨᠠᠮ ᠤᠨ ᠡᠭᠦᠷ ︽ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠣᠭ ᠰᠠᠨᠠᠭ᠎ᠠ ᠪᠠᠨ ᠪᠠᠲᠤᠳᠬᠠᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠪᠦᠬᠦ ᠨᠠᠮ ᠤᠨ ᠭᠡᠰᠢᠭᠦᠨ ᠺᠠᠳ᠋ᠷᠴᠤᠳ ᠡᠩ ᠲᠡᠷᠢᠭᠦᠨ ᠳᠤ ᠦᠷᠡᠭᠳᠡᠭᠰᠡᠨ ᠪᠠᠭᠠᠲᠤᠷᠴᠤᠳ ᠢᠶᠠᠨ ᠭᠤᠷᠪᠠᠨ ᠮᠢᠨᠦ᠋ᠲ ᠨᠠᠮᠠᠨᠴᠢᠯᠠᠨ ᠭᠠᠰᠢᠭᠤᠳᠠᠵᠤ᠂ ᠦᠷᠡᠭᠳᠡᠭᠰᠡᠨ ᠪᠠᠭᠠᠲᠤᠷᠴᠤᠳ ᠢᠶᠠᠨ ᠭᠦᠨ᠎ᠡ ᠭᠠᠰᠢᠭᠤᠳᠠᠵᠤ ᠪᠠᠶᠢᠬᠤ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠪᠡ᠃
主题党日活动1.jpg
  ᠨᠠᠮᠠᠨᠴᠢᠯᠠᠨ ᠭᠠᠰᠢᠭᠤᠳᠠᠵᠤ ᠳᠠᠭᠤᠰᠤᠭᠰᠠᠨ ᠤ ᠲᠠᠷᠠᠭ᠎ᠠ᠂ ᠲᠥᠪ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ ᠯᠢᠦ ᠵᠢᠶᠦ᠋ᠨ ︽ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠲᠠᠬᠢᠨ᠎ᠠ – ᠰᠡᠬᠡᠭᠡᠷᠡᠯ ᠤᠨ ᠦᠶ᠎ᠡ ᠶᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠠᠴᠠ ᠡᠬᠢᠯᠡᠨ ᠬᠡᠯᠡᠬᠦ ᠨᠢ ︾ ᠭᠡᠬᠦ ᠭᠤᠣᠯ         ᠰᠡᠳᠦᠪ ᠢᠶᠠᠷ᠂ ᠤᠯᠠᠨ ᠳᠤ ᠬᠤᠪᠢᠰᠬᠠᠯ ᠤᠨ ᠺᠢᠨᠣ᠋ ᠲᠧᠯᠸᠢᠰ ᠵᠦᠴᠦᠭᠡ ︽ᠰᠡᠬᠡᠭᠡᠷᠡᠯ ᠤᠨ ᠣᠨ ᠵᠢᠯ︾ ᠳᠤ ᠢᠯᠡᠷᠡᠭᠰᠡᠨ ᠬᠡᠳᠦᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠶᠢ ᠶᠠᠷᠢᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠠᠭᠤᠤ ᠶᠡᠭᠡ ᠬᠠᠶᠢᠷ᠎ᠠ ᠰᠡᠳᠬᠢᠯᠭᠡ ᠶᠢ ᠳᠤᠷᠠᠰᠤᠨ ᠰᠠᠨᠠᠭᠠᠯᠵᠠᠪᠠ᠃ ᠪᠦᠬᠦ ᠨᠠᠮ ᠤᠨ ᠭᠡᠰᠢᠭᠦᠨ ᠺᠠᠳ᠋ᠷᠴᠤᠳ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠶᠠᠪᠤᠳᠠᠯ ᠢ ᠪᠠᠲᠤ ᠴᠡᠭᠡᠵᠢᠯᠡᠵᠦ᠂ ᠲᠡᠳᠡᠨ ᠤ ᠡᠷᠬᠢᠮ ᠳᠡᠭᠡᠳᠦ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠲᠡᠭᠦᠨ ᠢ ᠮᠠᠨ ᠤ ᠠᠵᠢᠯ ᠪᠠ ᠠᠮᠢᠳᠤᠷᠠᠯ ᠳᠤᠮᠳᠠ ᠪᠠᠨ ᠠᠭᠤᠰᠬᠠᠨ ᠣᠷᠣᠭᠤᠯᠵᠤ᠂ ᠥᠪᠡᠷ ᠢ ᠪᠠᠨ ᠲᠠᠰᠤᠷᠠᠯᠳᠠ ᠦᠭᠡᠢ ᠵᠣᠷᠢᠭᠵᠢᠭᠤᠯᠤᠨ ᠭᠠᠷᠮᠠᠭᠠᠢ ᠠᠮᠵᠢᠯᠲᠠ ᠤᠯᠬᠤ ᠪᠠᠷ ᠬᠥᠭᠡᠭᠡᠴᠡᠯᠳᠦᠵᠦ᠂ ᠨᠣᠶᠠᠨ ᠤᠷᠬᠢᠯ ᠳᠤ ᠵᠣᠷᠢᠭᠲᠠᠢ ᠠᠪᠠᠷᠢᠬᠤ ᠬᠡᠷᠡᠭᠲᠡᠢ ᠭᠡᠵᠦ ᠴᠢᠬᠤᠯᠠᠴᠢᠯᠠᠪᠠ᠃
主题党日活动2.jpg
  ᠲᠣᠰ ᠤᠳᠠᠭᠠᠨ ᠤ ᠠᠵᠢᠯᠯᠠᠭ᠎ᠠ ᠨᠢ ᠨᠠᠮ ᠤᠨ ᠭᠡᠰᠢᠭᠦᠳ ᠤᠨ ᠲᠡᠦᠬᠡᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠣᠯᠠᠨ ᠤ ᠠᠵᠢᠯ ᠤᠨ ᠬᠠᠯᠠᠭᠤᠨ ᠰᠡᠳᠬᠢᠯᠭᠡ ᠪᠠ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠬᠥᠭᠵᠢᠭᠡᠪᠡ᠃ ᠪᠢᠳᠡ ᠦᠷᠭᠦᠯᠵᠢᠯᠡᠨ ᠦᠷᠡᠭᠳᠡᠭᠰᠡᠨ ᠪᠠᠭᠠᠲᠤᠷᠴᠤᠳ ᠢᠶᠠᠷ ᠳᠠᠭᠤᠷᠢᠶᠠᠯ ᠪᠣᠯᠭᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号