ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠰᠦᠵᠧᠦ ᠬᠤᠲᠠ ᠳᠤ ᠬᠦᠷᠴᠦ ᠡᠮᠴᠢᠯᠡᠭᠡ ᠶᠢᠨ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠵᠤ ᠰᠤᠷᠤᠯᠴᠠᠪᠠ
ᠨᠡᠶᠢᠲᠡᠯᠡᠭᠰᠡᠨ ᠴᠠᠭ᠄
2024/4/7
  ᠮᠠᠨ ᠤ ᠣᠷᠣᠨ ᠤ ᠡᠮᠴᠢᠯᠡᠭᠡ ᠶᠢᠨ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠴᠢᠨᠠᠷ ᠰᠠᠶᠢᠲᠠᠶ ᠠᠬᠢᠭᠤᠯᠬᠤ ᠶᠢᠨ ᠲᠥᠯᠥᠭᠡ᠂ 2024 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠼᠠᠢ ᠬᠤᠩ ᠢᠦᠶ ᠪᠦᠯᠬᠦᠮ ᠳᠠᠭᠠᠭᠤᠯᠤᠨ ᠵᠢᠶᠠᠩᠰᠦ ᠮᠤᠵᠢ ᠶᠢᠨ ᠰᠦᠵᠧᠦ ᠬᠤᠲᠠ ᠳᠤ ᠪᠠᠶᠢᠴᠠᠭᠠᠨ ᠰᠤᠳᠤᠯᠤᠯᠲᠠ ᠬᠢᠵᠦ᠂ ᠡᠮᠴᠢᠯᠡᠭᠡ ᠶᠢᠨ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠬᠤᠲᠠ ᠶᠢᠨ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢ ᠪᠣᠯᠭᠠᠵᠤ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠰᠤᠳᠤᠯᠭᠠᠨ ᠤ ᠬᠦᠷᠢᠶᠡᠯᠡᠩ ᠤᠨ ᠡᠷᠬᠢᠯᠡᠭᠴᠢ ᠵᠢᠶᠠᠩ ᠴᠠᠩ ᠰᠥᠩ ᠬᠠᠮᠲᠤ ᠪᠠᠶᠢᠴᠠᠭᠠᠨ ᠰᠤᠳᠤᠯᠤᠯᠲᠠ ᠬᠢᠪᠠ᠃
服务价格改革工作1.png
  ᠶᠠᠷᠢᠯᠴᠠᠬᠤ ᠬᠤᠷᠠᠯ ᠳᠡᠭᠡᠷ᠎ᠡ᠂ ᠰᠦᠵᠧᠦ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠬᠤᠲᠠ ᠶᠢᠨ ᠪᠠᠶᠢᠳᠠᠯ ᠪᠠ ᠣᠳᠣᠬᠢ ᠪᠠᠶᠢᠳᠠᠯ ᠲᠠᠢ ᠤᠶᠠᠯᠳᠤᠭᠤᠯᠤᠨ ᠥᠭᠡᠷᠡᠴᠢᠯᠡᠯᠲᠡ ᠶᠢᠨ ᠲᠤᠷᠰᠢᠯᠭ᠎ᠠ ᠦᠷ᠎ᠡ ᠪᠦᠲᠦᠭᠡᠯ ᠢ ᠬᠤᠪᠢᠶᠠᠯᠴᠠᠵᠤ᠂ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠰᠡᠳᠬᠢᠴᠡ ᠪᠠ ᠰᠠᠨᠠᠭᠤᠯᠭ᠎ᠠ ᠳᠤᠷᠠᠳᠪᠠ᠃ ᠬᠤᠷᠠᠯ ᠳᠤ ᠣᠷᠣᠯᠴᠠᠭᠰᠠᠳ ︽ᠶᠡᠷᠦᠩᠬᠡᠶ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ᠂ ᠲᠥᠷᠥᠯ ᠬᠤᠪᠢᠶᠠᠨ ᠪᠦᠷᠢᠯᠳᠦᠭᠦᠯᠬᠦ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ᠂ ᠬᠢᠨᠠᠨ ᠬᠡᠮᠵᠢᠵᠦ ᠰᠢᠯᠭᠠᠨ ᠂ ᠲᠥᠷᠥᠯ ᠵᠦᠢᠯ ᠤᠨ ᠬᠠᠮᠢᠶᠠᠷᠤᠯᠲᠠ︾ ᠵᠡᠷᠭᠡ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠶ ᠰᠤᠷᠤᠯᠴᠠᠨ ᠰᠣᠯᠢᠯᠴᠠᠬᠤ᠂ ᠰᠢᠨ᠎ᠡ ᠶᠢ ᠡᠭᠦᠳᠬᠦ ᠬᠠᠷᠠᠭ᠎ᠠ ᠶᠢ ᠥᠷᠭᠡᠳᠬᠡᠬᠦ᠂ ᠥᠭᠡᠷᠡᠴᠢᠯᠡᠯᠲᠡ ᠶᠢᠨ ᠰᠡᠳᠬᠢᠮᠵᠢ ᠶᠢ ᠥᠷᠭᠡᠳᠬᠡᠪᠡ᠃
服务价格改革工作2.jpg
  ᠼᠠᠢ ᠬᠤᠩ ᠢᠦᠶ ᠂ ᠰᠦᠵᠧᠦ ᠬᠤᠲᠠ ᠨᠢ ᠤᠯᠤᠰ ᠤᠨ ᠨᠢᠭᠡᠳᠦᠭᠡᠷ ᠪᠦᠯᠦᠭ ᠤᠨ ᠲᠤᠷᠰᠢᠯᠲᠠ ᠶᠢᠨ ᠬᠤᠲᠠ ᠪᠣᠯᠤᠭᠰᠠᠨ ᠤ ᠬᠤᠪᠢ ᠳᠤ᠂ ᠡᠮᠴᠢᠯᠡᠭᠡ ᠶᠢᠨ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠭᠦᠢᠴᠡᠳ ᠨᠤᠲᠠᠯᠠᠯᠲᠠ ᠶᠢ ᠣᠯᠵᠤ᠂ ᠢᠯᠠᠩᠭᠤᠶ᠎ᠠ ᠦᠨ᠎ᠡ ᠲᠣᠬᠢᠷᠠᠭᠤᠯᠵᠤ ᠶᠡᠷᠦᠩᠬᠡᠶ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ᠂ ᠱᠠᠲᠤ ᠬᠤᠪᠢᠶᠠᠨ ᠬᠠᠮᠢᠶᠠᠷᠬᠤ ᠳᠤ ᠵᠥᠷᠢᠶᠡᠲᠦ ᠦᠨ᠎ᠡ ᠬᠠᠩᠰᠢ ᠶᠢ ᠲᠣᠭᠲᠠᠭᠠᠬᠤ ᠵᠡᠷᠭᠡ ᠲᠠᠯ᠎ᠠ ᠪᠠᠷ ᠮᠠᠰᠢ ᠣᠯᠠᠨ ᠬᠠᠭᠤᠯᠪᠤᠷᠢᠯᠠᠵᠤ ᠪᠣᠯᠬᠤ᠂ ᠯᠠᠪᠯᠠᠯᠲᠠ ᠪᠣᠯᠭᠠᠵᠤ ᠪᠣᠯᠬᠤ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠪᠣᠶ ᠪᠣᠯᠭᠠᠭᠰᠠᠨ ᠨᠢ ᠴᠥᠮ ᠪᠢᠳᠡᠨ ᠤ ᠰᠤᠷᠤᠯᠴᠠᠨ ᠲᠣᠯᠢ ᠪᠣᠯᠭᠠᠭᠤᠰᠢᠲᠠᠶ ᠶᠠᠪᠤᠳᠠᠯ ᠮᠥᠨ᠃ ᠦᠷᠭᠦᠯᠵᠢ ᠨᠡᠪᠲᠡᠷᠡᠯᠴᠡᠨ ᠬᠠᠷᠢᠯᠴᠠᠵᠤ᠂ ᠡᠮᠴᠢᠯᠡᠭᠡ ᠶᠢᠨ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠳᠤᠮᠳᠠ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃
服务价格改革工作3.png
  ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠰᠦᠵᠧᠦ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠰᠦᠵᠧᠦ ᠶᠡᠭᠡ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠢᠶᠠᠷ ᠭᠦᠨᠵᠡᠭᠡᠶᠢᠷᠡᠵᠦ᠂ ︽ᠡᠮ ᠡᠮᠨᠡᠯᠭᠡ ᠶᠢᠨ ᠦᠨ᠎ᠡ ᠬᠠᠩᠰᠢ ᠶᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ︾ ᠤᠨ ᠬᠡᠷᠡᠭᠯᠡᠭᠡᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠪᠡᠶᠡᠴᠢᠯᠡᠨ ᠣᠶᠢᠯᠠᠭᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠦᠨ᠎ᠡ ᠮᠡᠳᠡᠭᠦᠯᠬᠦ᠂ ᠦᠨ᠎ᠡ ᠬᠠᠩᠰᠢ ᠶᠢ ᠲᠣᠬᠢᠷᠠᠭᠤᠯᠤᠭᠰᠠᠨ ᠤ ᠳᠠᠷᠠᠭᠠᠬᠢ ᠪᠦᠬᠦᠯᠢ ᠴᠣᠭᠴᠠ ᠶᠢᠨ ᠠᠵᠢᠯᠯᠠᠭᠠᠨ᠂ ᠦᠨ᠎ᠡ ᠬᠠᠩᠰᠢ ᠶᠢ ᠮᠡᠳᠡᠭᠦᠯᠬᠦ ᠳᠤ ᠪᠦᠷᠢᠯᠳᠦᠭᠰᠡᠨ ᠪᠣᠳᠠᠲᠠᠶ ᠶᠠᠪᠤᠴᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠡᠮᠴᠢᠯᠡᠭᠡᠨ ᠤ ᠡᠬᠢ ᠪᠠᠶᠠᠯᠢᠭ ᠢ ᠵᠦᠶ ᠵᠣᠬᠢᠰᠲᠠᠶ ᠬᠤᠪᠢᠶᠠᠷᠢᠯᠠᠬᠤ᠂ ᠦᠢᠯᠡᠴᠢᠯᠡᠭᠡᠨ ᠤ ᠲᠥᠷᠥᠯ  ᠵᠦᠢᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ᠂ ᠡᠮᠴᠢᠯᠡᠭᠡᠨ ᠤ ᠡᠮ ᠲᠠᠩ ᠪᠠᠭᠠᠵᠢ ᠬᠡᠷᠡᠭᠰᠡᠯ ᠢ ᠵᠢᠷᠤᠮᠵᠢᠭᠤᠯᠤᠨ ᠬᠡᠷᠡᠭᠯᠡᠬᠦ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠭ᠎ᠠ ᠬᠢᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号