ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠥᠳᠡᠭᠡ ᠲᠣᠰᠬᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠲᠣᠭᠲᠠᠯᠴᠠᠭ᠎ᠠ ᠳᠤ ᠦᠵᠡᠭᠦᠯᠬᠦ ᠳᠡᠮᠵᠢᠯᠭᠡ ᠶᠢ ᠨᠡᠮᠡᠭᠳᠡᠭᠦᠯᠵᠦ᠂ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠵᠥᠪᠯᠡᠯᠴᠡᠭᠡᠷ ᠤᠨ ᠬᠠᠮᠢᠶᠠᠷᠤᠯᠲᠠ ᠶᠢ | ᠵᠢᠷᠤᠮᠵᠢᠭᠤᠯᠤᠨ᠂ ᠨᠠᠩ ᠣᠯᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ | ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠶᠢ ᠠᠬᠢᠭᠤᠯᠬᠤ ᠶᠢᠨ ᠲᠤᠰᠠᠳᠠ᠂ ᠣᠶᠢᠷ᠎ᠠ ᠳᠤ᠂ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠲᠠᠢ ᠬᠠᠮᠲᠤᠷᠠᠨ ︽ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ | ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ︾ ᠢ | ᠳᠠᠷᠤᠮᠠᠯᠯᠠᠨ ᠲᠠᠷᠬᠠᠭᠠᠪᠠ᠃ | 1. ᠠᠬᠤᠶ ᠪᠠᠶᠢᠳᠠᠯ ᠤᠨ ᠪᠠᠶᠢᠳᠠᠯ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢ ᠬᠠᠮᠤᠭ ᠤᠨ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠣᠭᠲᠠᠯᠴᠠᠭ᠎ᠠ ᠶᠢᠨ ᠰᠠᠭᠤᠷᠢ ᠮᠥᠨ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ | ᠡᠪᠡᠳᠴᠢᠨ ᠦᠵᠡᠭᠦᠯᠵᠦ ᠡᠮᠨᠡᠭᠦᠯᠬᠦ ᠨᠢᠭᠡᠳᠦᠭᠡᠷ ᠥᠷᠲᠡᠭᠡ ᠮᠥᠨ᠂ ᠮᠥᠨ ᠴᠤ ᠡᠮᠴᠢᠯᠡᠭᠡᠨ᠋ ᠤ ᠪᠠᠲᠤᠯᠠᠭ᠎ᠠ ᠶᠢᠨ | ᠦᠢᠯᠡᠴᠢᠯᠡᠭᠡ ᠶᠢ ᠪᠡᠶᠡᠯᠡᠭᠦᠯᠬᠦ ︽ᠡᠴᠦᠰ ᠤᠨ ᠨᠢᠭᠡ ᠺᠢᠯᠣᠮᠧᠲᠷ ︾ ᠮᠥᠨ᠃ 2023 ᠣᠨ ᠤ 2 ᠳ᠋ᠤᠭᠠᠷ | ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ | ᠬᠥᠳᠡᠭᠡ ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠲᠣᠭᠲᠠᠯᠴᠠᠭᠠᠨ ᠤ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠬᠥᠳᠡᠭᠡ ᠲᠣᠰᠬᠤᠨ ᠤ ᠨᠢᠭᠡ ᠴᠤᠭᠴᠠᠵᠢᠭᠰᠠᠨ | ᠬᠠᠮᠢᠶᠠᠷᠤᠯᠲᠠ ᠪᠠᠷ ᠳᠠᠮᠵᠢᠭᠤᠯᠤᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮᠴᠢᠯᠡᠭᠡᠨ ᠤ | ᠳᠠᠭᠠᠳᠬᠠᠯ ᠤᠨ ᠳ᠋ᠦᠩᠨᠡᠨ ᠪᠣᠳᠣᠯᠲᠠ ᠶᠢ ᠢᠳᠡᠪᠬᠢᠲᠡᠶ ᠪᠡᠶᠡᠯᠡᠭᠦᠯᠵᠦ᠂ ᠨᠥᠬᠦᠴᠡᠯ ᠲᠠᠢ ᠭᠠᠵᠠᠷ ᠣᠷᠣᠨ ᠳᠤ | ᠨᠥᠬᠦᠴᠡᠯ ᠳᠤ ᠨᠡᠶᠢᠴᠡᠬᠦ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ | ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠶᠢ ᠲᠣᠳᠣᠷᠬᠠᠶ ᠲᠣᠭᠲᠠᠭᠠᠪᠠ᠃ 2024 ᠣᠨ ᠤ 2 | ᠳ᠋ᠤᠭᠠᠷ ᠰᠠᠷ᠎ᠠ ᠳᠤ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠶᠢ | ᠲᠦᠷᠭᠡᠳᠬᠡᠨ᠎ᠡ ᠭᠡᠵᠦ ᠲᠣᠳᠣᠷᠬᠠᠶ ᠲᠣᠭᠲᠠᠭᠠᠵᠠᠶ᠃ 2024 ᠣᠨ ᠤ 5 ᠳ᠋ᠤᠭᠠᠷ ᠰᠠᠷ᠎ᠠ ᠳᠤ᠂ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠰᠠᠨ ᠮᠢᠩ ᠬᠤᠲᠠ ᠶᠢᠨ ᠡᠮ ᠡᠮᠨᠡᠯᠭᠡ ᠶᠢᠨ ᠥᠭᠡᠷᠡᠴᠢᠯᠡᠯᠲᠡ ᠶᠢᠨ | ᠲᠤᠷᠰᠢᠯᠭ᠎ᠠ ᠶᠢ ᠤᠯᠠᠮ ᠨᠢᠭᠡ ᠠᠯᠬᠤᠮ ᠳᠡᠯᠭᠡᠷᠡᠭᠦᠯᠵᠦ ᠡᠮᠴᠢᠯᠡᠭᠡᠨ ᠤ ᠳᠠᠭᠠᠳᠬᠠᠯ ᠤᠨ ᠠᠵᠢᠯ ᠤᠨ ᠰᠢᠨ᠎ᠡ ᠶᠢ | ᠡᠭᠦᠳᠦᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠳᠡᠮᠵᠢᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠪᠠ ᠦᠢᠯᠡᠴᠢᠯᠡᠭᠡᠨ ᠤ | ᠲᠡᠩᠴᠡᠭᠦᠷᠢᠲᠦ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠡᠪᠡᠳᠴᠢᠲᠡᠨ ᠢ ᠬᠥᠲᠥᠯᠥᠨ ᠵᠢᠯᠣᠭᠤᠳᠴᠤ | ᠪᠠᠶᠢᠭᠠᠳ ᠦᠨᠳᠦᠰᠦᠨ ᠱᠠᠲᠤᠨ ᠳᠤ ᠡᠮᠨᠡᠭᠦᠯᠵᠦ᠂ ᠨᠥᠬᠦᠴᠡᠯ ᠳᠤ ᠨᠡᠶᠢᠴᠡᠬᠦ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠲᠤ ᠣᠷᠣᠭᠤᠯᠬᠤ ᠶᠢ ᠳᠡᠮᠵᠢᠵᠦ᠂ ᠬᠥᠳᠡᠭᠡ | ᠲᠣᠰᠬᠤᠨ ᠤ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ᠳᠤ ᠨᠢ ᠲᠥᠬᠦᠮ ᠦᠵᠡᠭᠦᠯᠦᠨ᠎ᠡ᠃ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ | ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠪᠠ ᠣᠷᠣᠨ ᠪᠦᠰᠡ ᠶᠢᠨ | ᠲᠡᠩᠴᠡᠭᠦᠷᠢᠲᠦ ᠪᠠᠶᠢᠷᠢᠰᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡ ᠶᠢ ᠴᠢᠩᠭᠠᠷᠠᠭᠤᠯᠤᠨ᠂ ᠨᠡᠩ ᠣᠯᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ | ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠶᠢ ᠠᠬᠢᠭᠤᠯᠵᠤ᠂ ᠬᠠᠮᠤᠭ ᠤᠨ ᠥᠷᠭᠡᠨ | ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ | ᠰᠠᠶᠢᠲᠤᠷ ᠬᠥᠭᠵᠢᠭᠦᠯᠬᠦ ᠶᠢᠨ ᠲᠤᠰᠠᠳᠠ᠂ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠠᠴᠠ ᠤᠯᠤᠰ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ︽ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠶᠢ | ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ | ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ ︽ᠨᠥᠬᠦᠴᠡᠯ ᠪᠦᠷᠢᠯᠳᠦᠭᠦᠯᠬᠦ᠂ | ᠶᠠᠪᠤᠴᠠ ᠶᠢ ᠰᠢᠯᠢᠳᠡᠭᠵᠢᠭᠦᠯᠬᠦ᠂ ᠲᠣᠬᠢᠷᠠᠭᠤᠯᠤᠯᠲᠠ ᠶᠢ ᠴᠢᠩᠭᠠᠳᠬᠠᠬᠤ᠂ ᠤᠷᠤᠭᠤᠯᠬᠤ ᠶᠣᠰᠣᠲᠠᠢ ᠶᠢ ᠨᠢ ᠪᠦᠬᠦᠨ ᠢ | ᠣᠷᠤᠭᠤᠯᠬᠤ︾ ᠵᠠᠷᠴᠢᠮ ᠶᠣᠰᠣᠭᠠᠷ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ | ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠲᠦᠷᠭᠡᠨ ᠣᠷᠤᠭᠤᠯᠤᠨ᠎ᠠ᠃ | 2.ᠭᠤᠤᠯ ᠠᠭᠤᠯᠭ᠎ᠠ | ︽ᠮᠡᠳᠡᠭᠳᠡᠯ︾ ᠳᠤ ᠤᠳᠤᠷᠢᠳᠤᠮᠵᠢ ᠶᠢ ᠲᠣᠳᠣᠷᠬᠠᠶᠢᠯᠠᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ | ᠬᠡᠷᠡᠭᠵᠢᠭᠦᠯᠬᠦ᠂ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠬᠦ᠂ | ᠤᠳᠤᠷᠢᠳᠤᠯᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ | ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠣᠷᠣᠭᠤᠯᠬᠤ ᠶᠢ ᠠᠬᠢᠭᠤᠯᠬᠤ ᠲᠤᠬᠠᠶ | ᠪᠠᠶᠢᠷᠢᠯᠠᠭᠤᠯᠤᠯᠲᠠ ᠬᠢᠪᠠ᠃ | ᠨᠢᠭᠡ ᠳᠤ ᠂ ᠦᠵᠡᠯ ᠰᠠᠨᠠᠭ᠎ᠠ ᠲᠠᠨᠢᠯᠲᠠ ᠶᠢ ᠨᠢᠭᠡᠳᠬᠡᠵᠦ᠂ ᠬᠠᠷᠠᠯᠲᠠ ᠡᠭᠦᠷᠭᠡ ᠶᠢ ᠲᠤᠳᠤᠷᠬᠠᠶᠢᠯᠠᠪᠠ᠃ ᠡᠯ᠎ᠡ | ᠱᠠᠲᠤᠨ ᠤ ᠡᠮᠴᠢᠯᠡᠭᠡᠨ ᠤ ᠳᠠᠭᠠᠳᠬᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ | ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠶᠢᠨ ᠠᠵᠢᠯ ᠳᠤ ᠣᠷᠣᠭᠤᠯᠬᠤ ᠶᠢ ᠠᠬᠢᠭᠤᠯᠬᠤ ᠶᠢᠨ | ᠴᠢᠬᠤᠯᠠ ᠴᠢᠨᠠᠷ ᠢ ᠭᠦᠢᠴᠡᠳ ᠲᠠᠨᠢᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠣᠯᠠᠨ | ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ 2024 ᠣᠨ ᠤ ᠰᠡᠭᠦᠯᠴᠢ ᠠᠴᠠ ᠡᠮᠦᠨ᠎ᠡ ᠨᠥᠬᠦᠴᠡᠯ ᠳᠤ ᠨᠡᠶᠢᠴᠡᠬᠦ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ | ᠬᠠᠮᠢᠶᠠᠷᠤᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠵᠠᠰᠠᠭ ᠵᠠᠬᠢᠷᠭᠠᠨ ᠤ ᠲᠣᠰᠬᠤᠨ ᠳᠤ ᠣᠯᠠᠨ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠠᠶᠢᠪᠠᠯ᠂ ᠨᠠᠭᠠᠳᠤ ᠵᠠᠬ᠎ᠠ ᠳᠤ ᠪᠠᠨ 1 ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠢ ᠨᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ | ᠣᠷᠣᠭᠤᠯᠵᠤ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢ ︽ᠲᠣᠰᠬᠤᠨ ᠪᠣᠯᠭᠠᠨ ᠳᠤ ᠨᠡᠪᠲᠡᠷᠡᠭᠦᠯᠬᠦ︾ ᠶᠢ | ᠦᠨᠡᠨ ᠬᠦ ᠪᠠᠲᠤᠯᠠᠨ᠎ᠠ ᠃ | ᠬᠤᠶᠠᠷ ᠲᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠲᠥᠷᠥᠯ ᠬᠤᠪᠢᠶᠠᠨ | ᠵᠢᠯᠣᠭᠤᠳᠬᠤ ᠶᠢ ᠴᠢᠩᠭᠠᠳᠬᠠᠪᠠ᠃ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠤᠳ ᠠᠵᠢᠯ ᠤᠨ ᠡᠬᠡ ᠲᠠᠩᠰᠠ ᠪᠠᠶᠢᠭᠤᠯᠵᠤ᠂ ᠠᠳᠠᠯᠢ ᠪᠤᠰᠤ ᠪᠠᠶᠢᠳᠠᠯ ᠢ | ᠦᠨᠳᠦᠰᠦᠯᠡᠨ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠬᠤ ᠬᠡᠷᠡᠭᠲᠡᠶ᠃ ᠨᠢᠭᠡᠳᠦᠭᠡᠷ ᠲᠥᠷᠥᠯ ᠨᠢ᠂ ᠬᠥᠳᠡᠭᠡ | ᠲᠣᠰᠬᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠨᠢᠭᠡᠨᠲᠡ | ᠪᠡᠶᠡᠯᠡᠭᠦᠯᠦᠭᠰᠡᠨ ᠭᠠᠵᠠᠷ ᠣᠷᠣᠨ ᠳᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠳᠠᠮᠵᠢᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ | ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠳ᠋ᠦᠩᠨᠡᠨ ᠪᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠤᠳ ᠪᠥᠬᠦ ᠮᠤᠵᠢ ᠶᠢᠨ ᠨᠢᠭᠡᠳᠦᠯᠲᠡᠶ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ ᠮᠤᠵᠢ ᠶᠢᠨ ᠱᠠᠲᠤᠨ ᠤ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠤᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠯᠦᠭᠡ ︽ | ᠶᠡᠷᠦᠩᠬᠡᠶ ᠳᠤ ᠨᠢ ︾ ᠬᠤᠯᠪᠣᠬᠤ ᠠᠷᠭ᠎ᠠ ᠬᠡᠯᠪᠡᠷᠢ ᠪᠠᠷ ᠳᠠᠮᠵᠢᠭᠤᠯᠤᠨ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ ᠪᠥᠭᠡᠮ ᠢᠶᠠᠷ ᠣᠷᠣᠭᠤᠯᠤᠨ᠎ᠠ᠃ | ᠬᠤᠶᠠᠳᠤᠭᠠᠷ ᠲᠥᠷᠥᠯ ᠨᠢ ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠨᠢᠭᠡ | ᠴᠣᠭᠴᠠᠵᠢᠭᠤᠯᠤᠨ ᠬᠠᠮᠢᠶᠠᠷᠬᠤ ᠶᠢ ᠠᠬᠢᠭᠤᠯᠵᠤ ᠪᠠᠶᠢᠭ᠎ᠠ ᠭᠠᠵᠠᠷ ᠣᠷᠣᠨ ᠪᠣᠯᠤᠨ᠎ᠠ᠂ ᠵᠠᠷᠴᠢᠮ ᠳᠡᠭᠡᠷ᠎ᠡ ᠪᠠᠨ ᠡᠨᠡ ᠬᠦ | ᠲᠥᠷᠥᠯ ᠢ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠨ | ᠬᠠᠮᠢᠶᠠᠷᠬᠤ ᠶᠢ ᠨᠢᠭᠡᠨᠲᠡ ᠪᠡᠶᠡᠯᠡᠭᠦᠯᠦᠭᠰᠡᠨ ᠢᠶᠠᠷ ᠦᠵᠡᠵᠦ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠠᠴᠠ | ᠬᠠᠷᠠᠭᠠᠯᠵᠠᠭᠰᠠᠨ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠯᠤᠭ᠎ᠠ ᠲᠦᠷ ᠴᠠᠭ ᠤᠨ | ᠬᠠᠮᠢᠶᠠᠷᠤᠯᠲᠠ ᠶᠢᠨ ᠬᠠᠷᠢᠴᠠᠭ᠎ᠠ ᠪᠠᠶᠢᠭᠤᠯᠵᠤ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠷ | ᠳᠠᠮᠵᠢᠨ ᠣᠷᠣᠯᠠᠨ ᠳ᠋ᠦᠩᠨᠡᠨ ᠪᠣᠳᠣᠨ᠎ᠠ ᠃ ᠭᠤᠷᠪᠠᠳᠤᠭᠠᠷ ᠲᠥᠷᠥᠯ ᠨᠢ ᠂ ᠣᠬᠤᠷ ᠬᠤᠭᠤᠴᠠᠭᠠᠨ ᠳᠤ ᠬᠥᠳᠡᠭᠡ | ᠲᠣᠰᠬᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠨ ᠬᠠᠮᠢᠶᠠᠷᠬᠤ ᠶᠢ | ᠪᠦᠷᠢᠯᠳᠦᠭᠦᠯᠦᠭᠰᠡᠨ ᠥᠬᠡᠶ ᠭᠠᠵᠠᠷ ᠣᠷᠣᠨ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ | ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠢ ᠨᠢᠭᠡᠳᠦᠯᠲᠡᠶ ᠵᠣᠬᠢᠶᠠᠨ ᠪᠠᠶᠢᠭᠤᠯᠤᠨ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠬᠤ | ᠠᠵᠢᠯ ᠢ ᠲᠥᠪᠯᠡᠷᠡᠭᠦᠯᠦᠨ ᠭᠤᠶᠤᠴᠢᠯᠠᠨ᠎ᠠ᠃ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠭᠤᠶᠤᠴᠢᠯᠠᠬᠤ | ᠨᠥᠬᠦᠴᠡᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠭᠤᠶᠤᠴᠢᠯᠠᠬᠤ ᠶᠠᠪᠤᠴᠠ ᠶᠢ ᠰᠢᠯᠢᠳᠡᠭᠵᠢᠭᠦᠯᠬᠦ ᠶᠢᠨ ᠬᠠᠮᠲᠤ | ᠴᠢᠬᠤᠯᠠ ᠪᠥᠬᠦᠶ ᠭᠤᠶᠤᠴᠢᠯᠠᠬᠤ ᠵᠦᠭᠯᠡᠭᠦᠷ ᠪᠠ ᠵᠥᠪᠯᠡᠯᠭᠡ ᠥᠭᠬᠦ ᠦᠢᠯᠡᠴᠢᠯᠡᠭᠡ ᠶᠢ ᠬᠠᠩᠭᠠᠵᠤ᠂ ᠲᠣᠰᠬᠤᠨ ᠤ | ᠡᠷᠡᠭᠦᠯ ᠬᠠᠮᠠᠭᠠᠯᠠᠯ ᠤᠨ ᠲᠠᠰᠤᠭ ᠢ ᠬᠠᠪᠰᠤᠷᠤᠨ ᠴᠡᠭ ᠲᠣᠭᠲᠠᠭᠠᠨ ᠭᠤᠶᠤᠴᠢᠯᠠᠬᠤ ᠶᠠᠪᠤᠴᠠ ᠶᠢ ᠤᠷᠤᠭᠰᠢᠲᠠᠶ | ᠪᠡᠶᠡᠯᠡᠭᠦᠯᠦᠨ᠎ᠡ᠃ | ᠭᠤᠷᠪᠠ ᠳᠤ ᠂ ᠡᠮᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠰᠠᠭᠤᠷᠢ ᠮᠥᠩᠭᠦ ᠶᠢᠨ ᠠᠮᠤᠷ ᠲᠦᠪᠰᠢᠨ ᠢ | ᠬᠠᠮᠠᠭᠠᠯᠠᠪᠠ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠰᠠᠶᠢᠲᠤᠷ ᠰᠠᠬᠢᠨ ᠰᠠᠶᠢᠲᠤᠷ ᠬᠡᠷᠡᠭᠯᠡᠵᠦ᠂ | ᠰᠠᠭᠤᠷᠢ ᠮᠥᠩᠭᠦ ᠶᠢᠨ ᠠᠮᠤᠷ ᠲᠦᠪᠰᠢᠨ ᠪᠠ ᠦᠷᠭᠦᠯᠵᠢᠯᠡᠬᠦᠶᠢᠴᠡ ᠠᠵᠢᠯᠯᠠᠭᠠᠨ ᠢ ᠦᠨᠡᠨ ᠬᠦ ᠪᠠᠲᠤᠯᠠᠨ᠎ᠠ᠃ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ | ᠬᠠᠮᠢᠶᠠᠷᠤᠯᠲᠠ ᠳᠤ ᠣᠷᠣᠭᠤᠯᠤᠭᠰᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠵᠢᠴᠢ ᠰᠢᠶᠠᠩ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢᠯᠡᠭᠡᠨ ᠤ ᠦᠢᠯᠡᠴᠢᠯᠡᠭᠡ ᠶᠢᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ | ᠪᠠ ᠵᠢᠯᠣᠭᠤᠳᠬᠤ ᠪᠠᠨ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡ ᠶᠢᠨ ᠶᠠᠰᠤ ᠴᠢᠨᠠᠷ ᠢ ᠦᠨᠡᠨ ᠬᠦ ᠪᠠᠲᠤᠯᠠᠨ᠎ᠠ ᠃ | ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠬᠡᠯᠡᠯᠴᠡᠭᠡᠷ ᠤᠨ ᠬᠠᠮᠢᠶᠠᠷᠤᠯᠲᠠ ᠪᠠᠨ | ᠴᠢᠩᠭᠠᠷᠠᠭᠤᠯᠵᠤ᠂ ᠬᠡᠯᠡᠯᠴᠡᠭᠡᠷ ᠤᠨ ᠪᠣᠯᠵᠤᠭ᠎ᠠ ᠪᠠᠨ ᠴᠢᠩᠭ᠎ᠠ ᠬᠡᠷᠡᠭᠵᠢᠭᠦᠯᠵᠦ᠂ ᠳ᠋ᠦᠩᠨᠡᠨ ᠪᠤᠳᠤᠬᠤ ᠶᠠᠪᠤᠴᠠ ᠪᠠᠨ | ᠰᠢᠯᠢᠳᠡᠭᠵᠢᠭᠦᠯᠵᠦ᠂ ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ ᠡᠮᠴᠢᠯᠡᠭᠡᠨ ᠤ | ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ | ᠪᠠᠶᠢᠴᠠᠭᠠᠬᠤ᠂ ᠲᠤᠰᠬᠠᠶ ᠵᠦᠢᠯ ᠢᠶᠠᠷ ᠪᠠᠶᠢᠴᠠᠭᠠᠬᠤ᠂ ᠣᠶᠤᠨᠴᠢ ᠪᠠᠷ ᠬᠢᠨᠠᠨ ᠬᠠᠮᠢᠶᠠᠷᠬᠤ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ | ᠦᠨᠡᠨ ᠬᠦ ᠪᠠᠲᠤᠯᠠᠨ᠎ᠠ ᠃ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠬᠠᠷᠢᠶ᠎ᠠ ᠲᠣᠰᠬᠤᠨ ᠤ | ᠡᠷᠡᠭᠦᠯ ᠬᠠᠮᠠᠭᠠᠯᠠᠯ ᠤᠨ ᠲᠠᠰᠤᠭ ᠤᠨ ᠬᠠᠮᠢᠶᠠᠷᠤᠯᠲᠠ ᠪᠠᠨ ᠴᠢᠩᠭᠠᠳᠬᠠᠨ᠂ ᠲᠡᠳᠡᠨ ᠤ ᠵᠢᠷᠤᠮᠵᠢᠯ ᠲᠠᠢ ᠪᠠᠷ | ᠣᠨᠣᠰᠢᠯᠠᠨ ᠡᠮᠨᠡᠬᠦ᠂ ᠵᠦᠢ ᠵᠣᠬᠢᠰᠲᠠᠶ ᠪᠠᠷ ᠡᠮ ᠬᠡᠷᠡᠭᠯᠡᠬᠦ ᠵᠡᠷᠭᠡ ᠳᠤ ᠬᠢᠨᠠᠯᠲᠠ ᠲᠠᠯᠪᠢᠨ ᠵᠢᠯᠣᠭᠤᠳᠬᠤ ᠡᠭᠦᠷᠭᠡ | ᠴᠢᠳᠠᠪᠤᠷᠢ ᠪᠠᠨ ᠭᠦᠢᠴᠡᠳᠬᠡᠵᠦ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠵᠢᠷᠤᠮᠵᠢᠯ ᠲᠠᠢ ᠠᠵᠢᠯᠯᠠᠬᠤ ᠶᠢ | ᠪᠠᠲᠤᠯᠠᠨ᠎ᠠ᠃ | ᠲᠦᠷᠪᠡ ᠳᠤ᠂ ᠢᠵᠢ ᠪᠦᠷᠢᠳᠦᠭᠦᠯᠦᠨ ᠳᠡᠮᠵᠢᠬᠦ ᠶᠢ ᠴᠢᠩᠭᠠᠳᠬᠠᠵᠤ᠂ ᠦᠢᠯᠡᠴᠢᠯᠡᠭᠡ ᠬᠠᠩᠭᠠᠬᠤ ᠶᠢ | ᠵᠣᠷᠢᠭᠵᠢᠭᠤᠯᠪᠠ᠃ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠦᠨᠳᠦᠰᠦᠨ ᠡᠮ ᠬᠡᠷᠡᠭᠯᠡᠬᠦ ᠲᠥᠷᠥ ᠶᠢᠨ | ᠪᠣᠳᠣᠯᠭ᠎ᠠ ᠶᠢ ᠰᠢᠯᠢᠳᠡᠭᠵᠢᠭᠦᠯᠵᠦ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠣᠳᠠᠲᠠᠶ ᠬᠡᠷᠡᠭᠴᠡᠭᠡ | ᠱᠠᠭᠠᠷᠳᠠᠯᠭ᠎ᠠ ᠪᠣᠯᠤᠨ ᠬᠥᠳᠡᠭᠡ ᠲᠣᠰᠬᠤᠨ ᠤ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ | ᠡᠪᠡᠳᠴᠢᠨ ᠤ ᠣᠨᠴᠠᠯᠢᠭ ᠢ ᠦᠨᠳᠦᠰᠦᠯᠡᠨ᠂ ᠦᠨᠳᠦᠰᠦᠨ ᠡᠮ ᠤᠨ ᠭᠠᠷᠴᠠᠭ ᠲᠤ ᠬᠢ ᠡᠮ ᠤᠨ ᠲᠥᠷᠥᠯ ᠵᠦᠢᠯ ᠢ | ᠠᠯᠬᠤᠮ ᠠᠯᠬᠤᠮ ᠢᠶᠠᠷ ᠥᠷᠭᠡᠳᠬᠡᠵᠦ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠡᠮ | ᠬᠡᠷᠡᠭᠯᠡᠬᠦ ᠶᠢ ᠨᠢᠭᠡᠲᠦᠯᠵᠢᠭᠦᠯᠦᠨᠡ᠃ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠲᠥᠪᠯᠡᠷᠡᠭᠦᠯᠦᠨ | ᠬᠤᠳᠠᠯᠳᠤᠨ ᠠᠪᠬᠤ ᠳᠤᠮᠳᠠ ᠰᠣᠩᠭᠤᠭᠰᠠᠨ ᠡᠮ ᠤᠨ ᠵᠦᠢᠯ ᠢ ᠰᠢᠯᠢᠳᠡᠭᠵᠢᠭᠦᠯᠦᠨ ᠬᠡᠷᠡᠭᠯᠡᠬᠦ ᠶᠢ ᠵᠣᠷᠢᠭᠵᠢᠭᠤᠯᠤᠨ | ᠳᠡᠮᠵᠢᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠨᠡᠩ ᠴᠢᠨᠠᠷ ᠰᠠᠶᠢᠲᠠᠶ᠂ ᠳᠥᠭᠦᠮ ᠳᠥᠲᠡ᠂ ᠠᠵᠤ | ᠠᠬᠤᠶ ᠶᠢᠨ ᠡᠮᠴᠢᠯᠡᠭᠡᠨ ᠤ ᠦᠢᠯᠡᠴᠢᠯᠡᠭᠡ ᠶᠢ ᠬᠠᠩᠭᠠᠨ᠎ᠠ᠃ ᠲᠣᠰᠬᠤᠨ ᠤ ᠡᠮᠴᠢ ᠶᠢᠨ ᠬᠥᠳᠡᠭᠡ ᠲᠣᠰᠬᠤᠨ ᠤ | ᠰᠠᠭᠤᠭᠠᠯᠢ ᠠᠷᠠᠳ ᠤᠨ ᠪᠠᠶᠢᠳᠠᠯ ᠢ ᠣᠶᠢᠯᠠᠭᠠᠵᠤ ᠮᠡᠳᠡᠬᠦ ᠣᠨᠴᠠᠯᠢᠭ ᠢ ᠭᠦᠢᠴᠡᠳ ᠠᠰᠢᠭᠯᠠᠨ᠂ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠢᠭᠡᠳ ᠡᠮᠴᠢᠯᠡᠭᠡᠨ ᠤ | ᠳᠠᠭᠠᠳᠬᠠᠯ ᠤᠨ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠭᠦᠢᠴᠡᠳ | ᠤᠶᠠᠯᠳᠤᠭᠤᠯᠵᠤ᠂ ᠨᠢᠭᠡᠨᠲᠡ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠬᠠᠮᠢᠶᠠᠷᠤᠯᠲᠠ ᠳᠤ | ᠣᠷᠤᠭᠤᠯᠤᠭᠰᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠲᠣᠰᠬᠤᠨ ᠤ ᠡᠮᠴᠢ ᠰᠠᠶᠢᠨ ᠳᠤᠷ᠎ᠠ ᠠᠴᠠ ᠪᠠᠨ | ᠭᠡᠷ ᠪᠦᠯᠢ ᠶᠢᠨ ᠡᠮᠴᠢ ᠪᠠᠷ ᠭᠤᠶᠤᠴᠢᠯᠠᠬᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠳᠠᠭᠠᠳᠬᠠᠯ ᠳᠤ | ᠣᠷᠣᠯᠴᠠᠬᠤ ᠶᠢ ᠳᠠᠶᠢᠴᠢᠯᠠᠬᠤ ᠵᠡᠷᠭᠡ ᠬᠤᠯᠪᠣᠭᠳᠠᠯ ᠪᠦᠬᠦᠢ ᠠᠵᠢᠯ ᠢ ᠥᠷᠨᠢᠭᠦᠯᠦᠨ᠎ᠡ ᠃ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠤᠨ ᠡᠮᠨᠡᠯᠭᠡ ᠶᠢᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ ᠡᠩ ᠤᠨ ᠡᠭᠦᠳᠡᠨ ᠡᠮᠨᠡᠯᠭᠡ ᠶᠢᠨ | ᠨᠢᠭᠡᠳᠦᠯᠲᠡᠶ ᠲᠥᠯᠥᠪᠯᠡᠬᠦ ᠪᠠ ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠵᠡᠷᠭᠡ | ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠦᠨ᠎ᠡ᠃ | ᠲᠠᠪᠤ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠵᠤ᠂ ᠪᠣᠳᠠᠲᠤ ᠦᠷ᠎ᠡ | ᠪᠦᠲᠦᠮᠵᠢ ᠤᠯᠬᠤ ᠶᠢ ᠪᠠᠲᠤᠯᠠᠪᠠ᠃ ᠤᠯᠠᠷᠢᠯ ᠢᠶᠠᠷ ᠲᠣᠬᠢᠷᠠᠭᠤᠯᠬᠤ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ | ᠠᠷᠭ᠎ᠠ ᠬᠡᠯᠪᠡᠷᠢ ᠶᠢ ᠠᠪᠴᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ | ᠲᠣᠭᠲᠠᠭᠰᠠᠨ ᠴᠡᠭ ᠤᠨ ᠬᠠᠮᠢᠶᠠᠷᠤᠯᠲᠠ ᠶᠢᠨ ᠠᠵᠢᠯ ᠳᠤ ᠲᠦᠷᠭᠡᠳᠬᠡᠨ ᠣᠷᠤᠭᠤᠯᠤᠨ᠎ᠠ᠃ ᠡᠯ᠎ᠡ ᠱᠠᠲᠤᠨ ᠤ | ᠡᠮᠴᠢᠯᠡᠭᠡᠨ ᠤ ᠳᠠᠭᠠᠳᠬᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠣᠰ ᠲᠣᠰ ᠲᠤᠰᠬᠠᠶ | ᠬᠥᠮᠦᠨ ᠲᠣᠭᠲᠠᠭᠠᠵᠤ ᠳᠠᠭᠠᠭᠤᠯᠬᠤ ᠶᠢᠨ ᠬᠠᠮᠲᠤ᠂ 2024 ᠣᠨ ᠤ ᠡᠴᠦᠰ ᠤᠨ ᠬᠤᠶᠠᠷ ᠤᠯᠠᠷᠢᠯ ᠤᠨ ᠰᠡᠭᠦᠯ ᠳᠤ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠳᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ | ᠴᠡᠭ ᠤᠨ ᠬᠠᠮᠢᠶᠠᠷᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠲᠤᠰ ᠲᠤᠰ ᠮᠡᠳᠡᠭᠦᠯᠦᠨ᠎ᠡ᠃ | |