7 ᠳ᠋ᠤᠭᠠᠷ ᠰᠠᠷ᠎ᠠ ᠶᠢᠨ 2 ᠤᠨ ᠡᠳᠦᠷ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠠᠯᠪᠤᠷᠢ | ᠱᠤᠭᠤᠮ ᠤᠨ ᠠᠭᠠᠷ ᠤᠨ ᠠᠶᠠᠯᠠᠯ ᠵᠢᠴᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠡᠭᠡ ᠬᠤᠷᠠᠯ | ᠬᠢᠩᠭᠠᠨ ᠠᠶᠢᠮᠠᠭ ᠲᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠶᠡᠭᠡ | ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ ᠃ | 7 ᠳ᠋ᠤᠭᠠᠷ ᠰᠠᠷ᠎ᠠ ᠶᠢᠨ 2 ᠤᠨ ᠡᠳᠦᠷ ᠠᠴᠠ 5 ᠤ ᠡᠳᠦᠷ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠵᠠᠩ ᠴᠢᠩ ᠸᠧᠢ | ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠣᠷᠣᠨ ᠳᠤ ᠡᠨᠧᠷᠭᠢ ᠶᠢᠨ ᠬᠠᠤᠯᠢ ᠶᠢᠨ ᠬᠠᠤᠯᠢ | ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ ᠥᠷᠨᠢᠭᠦᠯᠪᠡ ᠃ 7 ᠳ᠋ᠤᠭᠠᠷ ᠰᠠᠷ᠎ᠠ ᠶᠢᠨ 3 ᠤ ᠡᠳᠦᠷ ᠤᠨ | ᠦᠳᠡ ᠶᠢᠨ ᠬᠤᠶᠢᠨ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ | ᠱᠣᠣ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠵᠠᠩ ᠴᠢᠩ ᠸᠧᠢ ᠨᠠᠷ ᠲᠠᠢ ᠪᠠᠷᠠᠳᠠᠨ ᠠᠭᠤᠯᠵᠠᠪᠠ ᠃ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠠ ᠬᠠᠤᠯᠢ | ᠴᠠᠭᠠᠵᠠ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠡᠷᠬᠢᠯᠡᠭᠴᠢ ᠱᠧᠨ | ᠴᠦᠨ ᠶᠣᠣ ᠂ ᠤᠯᠤᠰ ᠤᠨ ᠡᠨᠧᠷᠭᠢ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ | ᠲᠣᠪᠴᠢᠶᠠᠨ ᠳᠠᠷᠤᠭ᠎ᠠ ᠵᠠᠩ ᠵᠢᠶᠠᠨ ᠬᠤᠸᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ ᠥᠪᠡᠷᠲᠡᠭᠡᠨ ᠵᠠᠰᠠᠬᠤ | ᠣᠷᠣᠨ ᠤ ᠤᠳᠤᠷᠢᠳᠤᠯᠭ᠎ᠠ ᠪᠣᠣ ᠭᠠᠩ ᠂ ᠳ᠋ᠢᠩ ᠰᠢᠤ ᠹᠧᠩ ᠂ ᠢᠥᠢ ᠯᠢ ᠰᠢᠨ ᠂ ᠵᠠᠩ ᠱᠣᠣ ᠴᠦᠨ ᠂ ᠶᠣᠣ ᠶᠦᠩ | ᠪᠦᠸᠧ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ ᠃ | 7 ᠳ᠋ᠤᠭᠠᠷ ᠰᠠᠷ᠎ᠠ ᠶᠢᠨ 4 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠰᠦᠨ ᠱᠣᠣ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠨᠡᠶᠢᠳᠡᠮ | ᠬᠡᠷᠡᠭᠯᠡᠭᠡᠨ ᠤ ᠮᠡᠷᠭᠡᠵᠢᠯ ︵ᠪᠦᠯᠦᠭᠯᠡᠯ︶ ᠤᠨ ᠬᠤᠪᠢᠴᠠᠭ᠎ᠠ ᠡᠵᠡᠮᠳᠡᠭᠰᠡᠨ ᠬᠢᠵᠠᠭᠠᠷᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠢᠥᠢ ᠰᠢᠥᠢ ᠪᠦᠸᠧ ᠨᠠᠷ ᠲᠠᠢ | ᠠᠭᠤᠯᠵᠠᠪᠠ ᠃ ᠬᠤᠶᠠᠷ ᠲᠠᠯ᠎ᠠ ᠪᠠᠷ ᠢᠶᠠᠨ ᠣᠯᠠᠨ ᠬᠦᠷᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠂ ᠡᠮ ᠡᠮᠨᠡᠯᠭᠡ | ᠡᠷᠡᠭᠦᠯ ᠮᠡᠨᠳᠦ ᠂ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠂ ᠨᠠᠷᠢᠨ ᠪᠢᠴᠢᠭ ᠤᠨ ᠳᠠᠷᠤᠭ᠎ᠠ ᠢᠥᠢ ᠯᠢ ᠰᠢᠨ ᠂ ᠳᠤᠮᠳᠠᠳᠤ ᠤᠯᠤᠰ ᠤᠨ ᠨᠡᠶᠢᠳᠡᠮ | ᠬᠡᠷᠡᠭᠯᠡᠭᠡᠨ ᠤ ᠮᠡᠷᠭᠡᠵᠢᠯ ︵ᠪᠦᠯᠦᠭᠯᠡᠯ︶ ᠤᠨ ᠬᠤᠪᠢᠴᠠᠭ᠎ᠠ ᠡᠵᠡᠮᠳᠡᠭᠰᠡᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠶᠡᠷᠦᠩᠬᠡᠢ ᠳᠠᠭᠠᠭᠠᠮᠠᠯ ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠼᠦᠢ ᡁᠢ ᠴᠧᠩ | ᠲᠣᠰ ᠠᠭᠤᠯᠵᠠᠯᠲᠠ ᠳᠤ ᠣᠷᠣᠯᠴᠠᠪᠠ ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠬᠥᠬᠡᠬᠤᠲᠠ ᠳᠤ ᠡᠬᠢᠯᠡᠵᠦ ᠂ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠢᠳᠦᠨ ᠳᠤ ᠦᠵᠡᠭᠳᠡᠮ᠎ᠡ ᠭᠠᠷ ᠲᠤ | ᠪᠠᠷᠢᠭᠳᠠᠮ᠎ᠠ ᠰᠡᠳᠬᠢᠯ ᠳᠤ ᠬᠠᠳᠠᠩᠰᠢᠲᠠᠯ᠎ᠠ ᠪᠠᠲᠤᠳᠬᠠᠬᠤ︾ ᠶᠢᠨ ᠲᠣᠭᠤᠷᠢᠨ ᠳᠤ ᠲᠤᠰᠬᠠᠢ ᠰᠡᠳᠦᠪ ᠢᠶᠠᠷ | ᠲᠥᠷᠥ ᠶᠢᠨ ᠶᠠᠪᠤᠳᠠᠯ ᠢ ᠵᠥᠪᠯᠡᠬᠦ ᠴᠢᠨᠠᠷᠲᠠᠢ ᠵᠥᠪᠯᠡᠯᠭᠡ ᠬᠢᠪᠡ ᠃ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠡᠷᠢᠭᠦᠯᠡᠭᠴᠢ ᠵᠠᠩ ᠶᠠᠨ ᠺᠦᠨ | ᠬᠤᠷᠠᠯ ᠢ ᠡᠷᠬᠢᠯᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ | ᠨᠢᠭᠡᠳᠦᠮᠡᠯ ᠹᠷᠤᠨᠲ ᠤᠨ ᠬᠡᠯᠲᠡᠰ ᠤᠨ ᠳᠠᠷᠤᠭ᠎ᠠ ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠳᠡᠳ᠋ ᠱᠦᠵᠢ ᠬᠦᠦᠳᠠᠭᠤᠯᠠ ᠬᠤᠷᠠᠯ ᠳᠤ ᠣᠷᠣᠯᠴᠠᠭᠰᠠᠨ ᠪᠥᠭᠡᠳ ᠪᠠᠶᠢᠳᠠᠯ ᠢ ᠨᠡᠪᠲᠡᠷᠡᠭᠦᠯᠦᠨ | ᠮᠡᠳᠡᠭᠡᠯᠡᠪᠡ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠂ ᠴᠡᠴᠡᠭ ᠂ ᠠᠨ ᠷᠦᠨ ᠱᠧᠩ ᠂ ᠵᠠᠩ | ᠯᠧᠢ ᠂ ᠵᠠᠩ ᠪᠠᠢ ᠴᠧᠩ ᠂ ᠶᠠᠩ ᠵᠢᠶᠧ ᠂ ᠰᠦᠨ ᠵᠢᠶᠦ᠋ᠨ ᠴᠢᠩ ᠬᠤᠷᠠᠯ ᠳᠤ ᠣᠷᠣᠯᠴᠠᠪᠠ ᠃ | 7 ᠳ᠋ᠤᠭᠠᠷ ᠰᠠᠷ᠎ᠠ ᠶᠢᠨ 5 ᠤ ᠡᠳᠦᠷ ᠠᠴᠠ 11 ᠤ ᠡᠳᠦᠷ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠯᠣᠪᠰᠠᠩᠵᠠᠯᠰᠠᠨ | ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠣᠷᠣᠨ ᠳᠤ ᠦᠨᠳᠦᠰᠦᠲᠡᠨ ᠤ ᠠᠵᠢᠯ ᠤᠨ ᠬᠠᠤᠯᠢ | ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ ᠃ | 7 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠣ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ | ᠯᠣᠪᠰᠠᠩᠵᠠᠯᠰᠠᠨ ᠲᠠᠢ ᠪᠠᠷᠠᠳᠠᠨ ᠠᠭᠤᠯᠵᠠᠪᠠ ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠦᠨᠳᠦᠰᠦᠲᠡᠨ ᠤ ᠵᠥᠪᠯᠡᠯ ᠤᠨ ᠡᠷᠬᠢᠯᠡᠭᠴᠢ ᠭᠡᠰᠢᠭᠦᠨ ᠪᠠᠶᠠᠨᠴᠢᠯᠠᠭᠤ ᠂ ᠤᠯᠤᠰ ᠤᠨ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠡᠷᠬᠢᠯᠡᠭᠴᠢ ᠳ᠋ᠤᠸᠠᠨ | ᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ | ᠭᠠᠩ ᠂ ᠳ᠋ᠢᠩ ᠰᠢᠦ ᠹᠧᠩ ᠂ ᠢᠥᠢ ᠯᠢ ᠰᠢᠨ ᠂ ᠠᠢ ᠯᠢ ᠬᠤᠸᠠ ᠂ ᠳᠠᠶᠢᠴᠢᠨ ᠬᠤᠯᠪᠣᠭᠳᠠᠯ ᠪᠦᠬᠦᠢ ᠠᠵᠢᠯᠯᠠᠭ᠎ᠠ ᠳᠤ | ᠣᠷᠣᠯᠴᠠᠪᠠ ᠃ | 7 ᠳ᠋ᠤᠭᠠᠷ ᠰᠠᠷ᠎ᠠ ᠶᠢᠨ 8 ᠤ ᠡᠳᠦᠷ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠰᠦᠨ ᠱᠣᠣ ᠴᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠪᠡ ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ ᠣᠷᠳᠣᠨ ᠂ ᠤᠯᠤᠰ ᠲᠥᠷᠥ ᠶᠢᠨ | ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ ᠃ ᠬᠤᠷᠠᠯ ᠳᠡᠭᠡᠷ᠎ᠡ ᠂ ᠰᠦᠨ | ᠱᠣᠣ ᠴᠧᠩ ᠂ ᠸᠠᠩ ᠯᠢ ᠰᠢᠶᠠ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠴᠢ | ᠵᠠᠩ ᠾᠧ ᠫᠢᠩ ᠂ ᠯᠦ ᠵᠠᠨ ᠶᠤᠸᠠᠨ ᠳᠤ ᠱᠠᠩᠨᠠᠯ ᠤᠨ ᠮᠥᠩᠭᠦ ᠣᠯᠭᠤᠵᠤ ᠂ ᠳᠠᠯᠠᠨ ᠬᠠᠷ᠎ᠠ ᠠᠭᠤᠯᠠ | ᠲᠤᠷᠰᠢᠯᠲᠠ ᠶᠢᠨ ᠲᠠᠰᠤᠭ ᠂ ᠣᠷᠳᠣᠰ ᠲᠤᠷᠰᠢᠯᠲᠠ ᠶᠢᠨ ᠲᠠᠰᠤᠭ ᠲᠤ ᠫᠠᠶᠢᠰᠠ ᠣᠯᠭᠤᠪᠠ︔ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ | ᠢᠥᠢ ᠭᠠᠩ ︽ ︿ ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ﹀ ᠢᠨᠵᠧᠨᠧᠷᠢᠩ ᠢ | ᠬᠡᠷᠡᠭᠵᠢᠭᠦᠯᠬᠦ ᠲᠥᠷᠥ ᠶᠢᠨ ᠪᠣᠳᠣᠯᠭ᠎ᠠ ᠨᠤᠭᠤᠳ ᠤᠨ ᠲᠤᠬᠠᠢ ᠰᠠᠨᠠᠯ︾ ᠳᠤ ᠲᠠᠶᠢᠯᠤᠮᠵᠢ ᠬᠢᠵᠦ ᠂ ᠥᠪᠡᠷᠲᠡᠭᠡᠨ | ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ︽ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠰᠠᠨᠠᠯ︾ ᠳᠤ | ᠲᠠᠶᠢᠯᠤᠮᠵᠢ ᠬᠢᠪᠡ︔ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ | ᠡᠳ᠋ ᠤᠨ ᠵᠠᠰᠠᠭ ᠤᠨ ᠲᠢᠩᠬᠢᠮ ᠪᠠ ᠣᠷᠳᠣᠰ ᠬᠤᠲᠠ ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ | ᠰᠤᠷᠭᠠᠭᠤᠯᠢ ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠂ ᠥᠪᠥᠷ | ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠪᠤᠭᠤᠲᠤ | ᠬᠤᠲᠠ ᠶᠢᠨ ᠶᠢᠩ ᠰᠧ ᠲᠧ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ ᠤᠨ ᠺᠣᠮᠫᠠᠨᠢ ᠶᠢᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ ᠃ ᠬᠤᠷᠠᠯ ᠢ ᠸᠢᠳᠢᠤ᠋ | ᠬᠡᠯᠪᠡᠷᠢ ᠪᠠᠷ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ | ᠨᠢᠭᠡᠴᠢ ᠂ ᠳᠡᠭᠡᠳᠦ ᠰᠤᠷᠭᠠᠭᠤᠯᠢ ᠶᠡᠭᠡ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠂ | ᠭᠤᠣᠯᠳᠠᠯᠭ᠎ᠠ ᠲᠠᠢ ᠠᠵᠤ ᠠᠬᠤᠶᠢᠯᠠᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ | ᠠᠬᠤᠶᠢᠯᠠᠯ ᠵᠢᠴᠢ ᠰᠢᠨ᠎ᠡ ᠶᠢ ᠡᠭᠦᠳᠬᠦ ᠲᠠᠪᠴᠠᠩ ᠤᠨ ᠭᠤᠣᠯ ᠬᠠᠷᠢᠭᠤᠴᠠᠯᠭᠠᠲᠠᠨ ᠨᠥᠬᠦᠳ ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯᠲᠠᠳ ᠤᠨ ᠲᠥᠯᠥᠭᠡᠯᠡᠭᠴᠢ ᠭᠤᠣᠯ ᠲᠠᠯᠠᠪᠠᠢ ᠶᠢᠨ ᠬᠤᠷᠠᠯ ᠳᠤ ᠣᠷᠣᠯᠴᠠᠪᠠ ᠃ ᠡᠯ᠎ᠡ | ᠠᠶᠢᠮᠠᠭ ᠬᠤᠲᠠ ᠪᠠ ᠮᠠᠨᠵᠤᠤᠷ ᠬᠤᠲᠠ ᠂ ᠡᠷᠢᠶᠡᠨ ᠬᠤᠲᠠ ᠳᠤ ᠬᠤᠷᠠᠯ ᠤᠨ ᠬᠤᠪᠢᠶᠠᠷᠢ ᠲᠠᠯᠠᠪᠠᠢ ᠲᠣᠬᠢᠷᠠᠭᠤᠯᠪᠠ ᠃ | 7 ᠳ᠋ᠤᠭᠠᠷ ᠰᠠᠷ᠎ᠠ ᠶᠢᠨ 8 ᠤ ᠡᠳᠦᠷ ᠠᠴᠠ 9 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠢᠩᠭᠠᠨ | ᠠᠶᠢᠮᠠᠭ ᠤᠨ ᠵᠠᠯᠠᠶᠢᠳ ᠬᠤᠰᠢᠭᠤᠨ ᠳᠤ ᠭᠦᠨᠵᠡᠭᠡᠶᠢᠷᠡᠨ ᠣᠳᠣ ᠦᠶ᠎ᠡ ᠶᠢᠨ ᠲᠠᠷᠢᠶᠠᠯᠠᠩ ᠂ ᠨᠤᠲᠤᠭ ᠪᠡᠯᠴᠢᠭᠡᠷ ᠤᠨ | ᠬᠠᠮᠠᠭᠠᠯᠠᠯᠲᠠ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠶᠡᠷ ᠢ ᠰᠡᠷᠭᠡᠶᠢᠯᠡᠬᠦ ᠵᠡᠷᠭᠡ ᠠᠵᠢᠯ ᠢ | ᠪᠠᠶᠢᠴᠠᠭᠠᠨ ᠰᠤᠳᠤᠯᠤᠯᠲᠠ ᠬᠢᠪᠡ ᠃ | 7 ᠳ᠋ᠤᠭᠠᠷ ᠰᠠᠷ᠎ᠠ ᠶᠢᠨ 9 ᠤ ᠡᠳᠦᠷ ᠪᠥᠬᠦ ᠣᠷᠣᠨ ᠤ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ | ᠠᠵᠢᠯ ᠤᠨ ᠬᠤᠷᠠᠯ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ | ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠃ ᠬᠤᠷᠠᠯ ᠠᠴᠠ ᠪᠠᠰᠠ ᠠᠶᠤᠯᠲᠠᠢ ᠬᠢᠮᠢ ᠶᠢᠨ ᠪᠣᠳᠠᠰ ᠂ ᠭᠠᠯ | ᠰᠡᠷᠭᠡᠶᠢᠯᠡᠵᠦ ᠤᠨᠲᠠᠷᠠᠭᠠᠬᠤ ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠂ ᠣᠢ ᠰᠢᠭᠤᠢ ᠲᠠᠯ᠎ᠠ | ᠨᠤᠲᠤᠭ ᠤᠨ ᠭᠠᠯ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠵᠡᠷᠭᠡ ᠠᠮᠤᠷ ᠲᠦᠪᠰᠢᠨ ᠤ ᠬᠦᠷᠢᠶᠠᠨ ᠳᠠᠬᠢ | ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ ᠃ | 7 ᠳ᠋ᠤᠭᠠᠷ ᠰᠠᠷ᠎ᠠ ᠶᠢᠨ 10 ᠤ ᠡᠳᠦᠷ ᠥᠪᠡᠷᠲᠡᠭᠡᠨ ᠵᠠᠰᠠᠬᠤ ᠣᠷᠣᠨ ᠪᠥᠬᠦ ᠤᠯᠤᠰ ᠤᠨ ᠣᠷᠣᠨ | ᠨᠤᠲᠤᠭ ᠤᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠤᠷᠢᠶᠠᠨ ᠤ ᠠᠯᠪᠠᠨ ᠭᠡᠷ ᠤᠨ ᠡᠷᠬᠢᠯᠡᠭᠴᠢᠳ ᠤᠨ | ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠥᠩᠭᠦᠨ | ᠭᠦᠢᠯᠭᠡᠭᠡᠨ ᠤ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠂ ᠮᠥᠩᠭᠦᠨ ᠭᠦᠢᠯᠭᠡᠭᠡᠨ ᠤ ᠠᠵᠢᠯ ᠤᠨ ᠬᠤᠷᠢᠶᠠᠨ ᠤ | ᠱᠦᠵᠢ ᠬᠤᠸᠠᠩ ᡁᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠃ ᠬᠤᠷᠠᠯ ᠠᠴᠠ ᠪᠠᠰᠠ ︽ | ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠬᠡᠯᠡᠯᠴᠡᠬᠦ ᠲᠣᠭᠲᠠᠭᠠᠯ ︵ | ᠲᠤᠷᠰᠢᠨ ᠬᠡᠷᠡᠭᠵᠢᠭᠦᠯᠬᠦ︶ ︾ ᠢ ᠰᠣᠷᠣᠯᠴᠠᠪᠠ ᠃ | 7 ᠳ᠋ᠤᠭᠠᠷ ᠰᠠᠷ᠎ᠠ ᠶᠢᠨ 10 ᠤ ᠡᠳᠦᠷ ᠠᠴᠠ 13 ᠤ ᠡᠳᠦᠷ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠬᠤᠤ ᠮᠢᠩ ᠶᠢᠨ | ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠣᠷᠣᠨ ᠤ ︽ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾ ᠶᠢ | ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ | ᠥᠷᠨᠢᠭᠦᠯᠪᠡ ᠃ 7 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠣ ᠴᠧᠩ ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | ᠬᠥᠬᠡᠬᠤᠲᠠ ᠳᠤ ᠬᠤᠤ ᠮᠢᠩ ᠶᠢᠨ ᠲᠠᠢ ᠪᠠᠷᠠᠳᠠᠨ ᠠᠭᠤᠯᠵᠠᠪᠠ ᠃ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠂ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ | ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠵᠧᠩ ᠸᠧᠢ ᠫᠢᠩ ᠂ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ | ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠲᠢᠶᠠᠨ ᠰᠢᠥᠸᠠᠢ ᠵᠢᠶᠦ᠋ᠨ ᠂ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠂ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ | ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠭᠦ᠋ ᠰᠢᠶᠣᠣ ᠢᠥᠢ ᠂ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠸᠠᠩ ᠬᠤᠩ ᠵᠢᠶᠦ᠋ᠨ ᠂ ᠣᠣ ᠾᠦᠢ ᠷᠠᠨ | ᠪᠠᠶᠢᠴᠠᠭᠠᠯᠲᠠ ᠳᠤ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠥᠢ ᠯᠢ ᠰᠢᠨ ᠂ ᠡᠦ ᠶᠠᠨ | ᠭᠠᠩ ᠂ ᠶᠣᠣ ᠶᠦᠩ ᠪᠦᠸᠧ ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠭᠦᠩ ᠰᠢᠥᠸᠠᠢ ᠹᠧᠩ ᠂ ᠰᠢᠥᠢ ᠵᠢᠶᠠᠨ ᠰᠢᠩ ᠂ ᠡᠦ ᠶᠢᠩ ᠬᠤᠯᠪᠣᠭᠳᠠᠯ ᠪᠦᠬᠦᠢ ᠠᠵᠢᠯᠯᠠᠭ᠎ᠠ ᠳᠤ | ᠣᠷᠣᠯᠴᠠᠪᠠ ᠃ | 7 ᠳ᠋ᠤᠭᠠᠷ ᠰᠠᠷ᠎ᠠ ᠶᠢᠨ 11 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠰᠦᠨ ᠱᠣᠣ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠮᠠᠨ ᠤ ᠣᠷᠣᠨ ᠳᠤ ᠲᠣᠭᠤᠷᠢᠨ | ᠦᠵᠡᠵᠦ ᠰᠤᠷᠪᠤᠯᠵᠢᠯᠠᠬᠤ ᠪᠠᠷ ᠢᠷᠡᠭᠰᠡᠨ ᠳᠤᠮᠳᠠᠳᠤ ᠤᠯᠤᠰ ᠲᠤ ᠰᠠᠭᠤᠭ᠎ᠠ ᠡᠯᠴᠢᠨ ᠤ ᠲᠥᠯᠥᠭᠡᠯᠡᠭᠴᠢᠳ ᠤᠨ | ᠪᠦᠯᠬᠦᠮ ᠲᠠᠢ ᠠᠭᠤᠯᠵᠠᠪᠠ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠥᠢ ᠯᠢ ᠰᠢᠨ ᠂ ᠠᠢ ᠯᠢ ᠬᠤᠸᠠ ᠂ | ᠶᠠᠩ ᠶᠢᠨ ᠂ ᠸᠧᠢ ᠭᠦᠸᠧ ᠨᠠᠨ ᠲᠣᠰ ᠠᠭᠤᠯᠵᠠᠯᠲᠠ ᠳᠤ ᠣᠷᠣᠯᠴᠠᠪᠠ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ | ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ ᠂ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ | ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠂ ︽ ᠦᠨᠡᠨ︾ ᠰᠡᠳᠭᠦᠯ ᠳᠤ | ᠨᠡᠶᠢᠲᠡᠯᠡᠭᠰᠡᠨ ᠴᠢᠬᠤᠯᠠ ᠵᠣᠬᠢᠶᠠᠯ ︽ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠡᠭᠦᠷᠭᠡ ᠬᠠᠷᠢᠭᠤᠴᠠᠯᠭ᠎ᠠ︾ ᠵᠢᠴᠢ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ | ᠨᠡᠶᠢᠲᠡᠯᠡᠭᠳᠡᠭᠰᠡᠨ 70 ᠵᠢᠯ ᠤᠨ ᠣᠢ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠣᠷᠣᠯᠴᠠᠵᠤ ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠠᠰᠬᠠᠬᠤ ᠠᠵᠢᠯ ᠢ ᠰᠤᠳᠤᠯᠵᠤ ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ | ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠶᠢᠨ ᠠᠷᠭ᠎ᠠ ᠶᠢ ᠬᠢᠨᠠᠨ ᠵᠥᠪᠯᠡᠵᠦ ᠪᠠᠲᠤᠯᠠᠪᠠ ᠃ | ᠬᠤᠷᠠᠯ ᠠᠴᠠ ᠪᠠᠰᠠ ᠬᠦᠴᠦᠨ ᠦᠭᠡᠢ ᠪᠣᠯᠭᠠᠬᠤ ᠪᠤᠶᠤ ᠬᠦᠴᠦᠨ ᠦᠭᠡᠢ ᠪᠣᠯᠣᠭᠰᠠᠨ ᠢᠶᠠᠷ ᠨᠡᠶᠢᠲᠡᠯᠡᠬᠦ ᠪᠠᠷ ᠪᠠᠶᠢᠭ᠎ᠠ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠢ ᠬᠡᠰᠡᠭ ᠪᠢᠴᠢᠭ ᠮᠠᠲ᠋ᠧᠷᠢᠶᠠᠯ ᠢ ᠰᠤᠳᠤᠯᠪᠠ ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ | ᠭᠤᠷᠪᠠᠳᠤᠭᠠᠷ ᠬᠤᠷᠠᠯ ᠬᠥᠬᠡᠬᠤᠲᠠ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠵᠧᠩ | ᠬᠤᠩ ᠹᠠᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠃ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠶᠠᠩ ᠶᠢᠨ ᠬᠤᠷᠠᠯ ᠢ ᠡᠷᠬᠢᠯᠡᠪᠡ ᠃ ᠬᠤᠷᠠᠯ ᠢ ᠲᠧᠯᠸᠢᠰ | ᠤᠲᠠᠰᠤᠲᠤ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ ᠃ | 7 ᠳ᠋ᠤᠭᠠᠷ ᠰᠠᠷ᠎ᠠ ᠶᠢᠨ 14 ᠤ ᠡᠳᠦᠷ ᠬᠤᠸᠠᠢ ᠷᠧᠦ ᠲᠤᠷᠰᠢᠯᠲᠠ ᠶᠢᠨ ᠲᠠᠰᠤᠭ ᠨᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠲᠠᠢ ᠪᠡᠭᠡᠵᠢᠩ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠵᠥᠪᠯᠡᠯᠴᠡᠭᠡᠷ ᠲᠣᠬᠢᠷᠠᠯᠴᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠰᠦᠨ ᠱᠣᠣ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ | ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠂ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ ᠂ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ ᠢᠥᠢ ᠶᠢᠩ ᠵᠢᠶᠧ ᠂ ᠬᠤᠸᠠᠢ ᠷᠧᠦ | ᠲᠤᠷᠰᠢᠯᠲᠠ ᠶᠢᠨ ᠲᠠᠰᠤᠭ ᠤᠨ ᠡᠷᠬᠢᠯᠡᠭᠴᠢ ᠳᠠᠩ ᠭᠤᠸᠠᠩ ᠹᠦ᠋ ᠭᠠᠷ ᠤᠨ ᠦᠰᠦᠭ ᠵᠢᠷᠤᠬᠤ ᠶᠣᠰᠣᠯᠠᠯ ᠳᠤ | ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠭᠠ ᠪᠣᠣ ᠰᠢᠶᠠᠨ ᠬᠤᠸᠠ ᠂ ᠰᠦᠨ ᠵᠢᠶᠦ᠋ᠨ ᠴᠢᠩ | ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ ᠃ | ︽ ᠲᠠᠯ᠎ᠠ ᠨᠤᠲᠤᠭ ᠤᠨ ᠨᠠᠨᠳᠢᠨ ᠪᠣᠯᠵᠤᠭ᠎ᠠ • ᠲᠠᠩᠰᠤᠭ ᠨᠠᠭᠠᠳᠤᠮ ᠤᠨ ᠪᠠᠶᠠᠷᠲᠤ ᠵᠣᠯᠭᠠᠯᠲᠠ︾ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ | ᠰᠢᠯᠢ ᠶᠢᠨ ᠭᠤᠣᠯ ᠠᠶᠢᠮᠠᠭ ᠤᠨ ᠰᠢᠯᠢᠩᠬᠤᠲᠠ ᠳᠤ ᠡᠬᠢᠯᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠨᠠᠭᠠᠳᠤᠮ ᠤᠨ | ᠡᠬᠢᠯᠡᠯᠲᠡ ᠶᠢᠨ ᠶᠣᠰᠣᠯᠠᠯ ᠳᠤ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ | ᠨᠠᠭᠠᠳᠤᠮ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠨᠠᠭᠠᠳᠤᠮ ᠡᠬᠢᠯᠡᠭᠰᠡᠨ ᠢ ᠵᠠᠷᠯᠠᠪᠠ ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠰᠢᠯᠢ ᠶᠢᠨ ᠭᠤᠣᠯ | ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠢ ᠴᠧᠩ ᠨᠠᠭᠠᠳᠤᠮ ᠤᠨ ᠡᠬᠢᠯᠡᠯᠲᠡ ᠶᠢᠨ ᠶᠣᠰᠣᠯᠠᠯ ᠳᠤ | ᠣᠷᠣᠯᠴᠠᠭᠰᠠᠨ ᠪᠥᠭᠡᠳ ᠤᠭᠲᠤᠯᠭ᠎ᠠ ᠶᠢᠨ ᠦᠭᠡ ᠬᠡᠯᠡᠪᠡ ᠃ | 7 ᠳ᠋ᠤᠭᠠᠷ ᠰᠠᠷ᠎ᠠ ᠶᠢᠨ 15 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠣᠷᠣᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ | ᠤᠯᠠᠭᠠᠨᠴᠠᠪ ᠬᠤᠲᠠ ᠳᠤ ᠡᠬᠢᠯᠡᠪᠡ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ | ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠥᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠡᠬᠢᠯᠡᠯᠲᠡ ᠶᠢᠨ ᠶᠣᠰᠣᠯᠠᠯ ᠳᠤ | ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ ᠃ | |