ᠥᠪᠥᠷ ᠡᠮ ᠬᠤᠳᠠᠯᠳᠤᠨ ᠠᠪᠬᠤ ᠲᠥᠪ ᠦᠰᠦᠭ ﹇ 2025 ﹈ 27 ᠳ᠋ᠤᠭᠠᠷ ᠲᠣᠭᠠᠲᠤ | | ᠡᠯ᠎ᠡ ᠬᠠᠮᠢᠶ᠎ᠠ ᠪᠥᠬᠦᠶ ᠨᠢᠭᠡᠴᠢ ᠳᠤ ᠄ | ︽ᠡᠮ ᠤᠨ ᠵᠦᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠰᠦᠯᠵᠢᠶᠡᠨ ᠳᠤ | ᠣᠷᠤᠭᠤᠯᠬᠤ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ | ᠠᠪᠬᠤ ᠲᠥᠪ ᠥᠰᠥᠭ ﹇ 2024﹈ 70 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ | ᠶᠣᠰᠣᠭᠠᠷ ᠂ ᠡᠳᠦᠭᠡ ᠢᠯᠡ ᠨᠡᠶᠢᠲᠡᠯᠡᠭᠰᠡᠨ ᠣᠨᠳᠣᠤ ᠰᠠᠨᠠᠯ ᠥᠬᠡᠶ ᠦᠢᠯᠡᠳᠭᠦᠨ ᠢ ᠨᠡᠶᠢᠲᠡᠯᠡᠪᠡ ᠂ ᠡᠯ᠎ᠡ | ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ | ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ — ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ — ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ ᠳᠤ ᠨᠡᠪᠲᠡᠷᠡᠵᠦ | ᠦᠷ᠎ᠡ ᠳ᠋ᠦᠩ ᠢ ᠪᠠᠶᠢᠴᠠᠭᠠᠨ ᠦᠵᠡᠭᠡᠷᠡᠢ ᠃ | ᠦᠢᠯᠡᠳᠬᠦᠨ ᠢ ᠰᠦᠯᠵᠢᠶᠡᠨ ᠳᠤ ᠣᠷᠣᠭᠤᠯᠤᠭᠰᠠᠨ ᠤ ᠳᠠᠷᠠᠭ᠎ᠠ ᠂ ᠦᠢᠯᠡᠳᠪᠦᠷᠢᠯᠡᠯ ᠤᠨ ᠠᠵᠤ ᠠᠬᠤᠶᠢᠯᠠᠯ ᠨᠢ | ᠠᠶᠢᠮᠠᠭ ᠬᠤᠲᠠ ᠶᠢᠨ ᠰᠢᠯᠢᠨ ᠰᠣᠩᠭᠤᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠨᠠᠶᠢᠳᠠᠵᠤ | ᠳᠣᠭᠢᠷᠠᠭᠤᠯᠤᠨ ᠬᠦᠷᠭᠡᠬᠦ ᠪᠤᠶᠤ ᠥᠪᠡᠰᠦᠪᠡᠨ ᠵᠣᠬᠢᠶᠠᠨ ᠪᠠᠶᠢᠭᠤᠯᠵᠤ ᠳᠣᠭᠢᠷᠠᠭᠤᠯᠤᠨ ᠬᠦᠷᠭᠡᠵᠦ ᠪᠣᠯᠣᠨ᠎ᠠ ᠂ | ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠢ ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠠᠵᠤ | ᠠᠬᠤᠶᠢᠯᠠᠯ ᠤᠨ ᠭᠤᠶᠤᠴᠢᠯᠠᠨ ᠮᠡᠳᠡᠭᠦᠯᠦᠭᠰᠡᠨ ᠦᠨ᠎ᠡ ᠪᠠᠷ ᠯᠠᠪᠯᠠᠯᠲᠠ ᠪᠣᠯᠭᠠᠨ ᠥᠪᠥᠷ ᠮᠣᠩᠭᠤᠯ ᠤᠨ ᠡᠮᠴᠢᠯᠡᠭᠡᠨ ᠤ | ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠳᠤ ᠵᠥᠪᠯᠡᠭᠰᠡᠨ ᠦᠨ᠎ᠡ ᠪᠠᠷ ᠬᠤᠳᠠᠯᠳᠤᠨ | ᠠᠪᠬᠤ ᠬᠡᠷᠡᠭᠲᠡᠢ ᠃ ᠦᠢᠯᠡᠳᠬᠦᠨ ᠤ ᠬᠤᠳᠠᠯᠳᠤᠨ ᠠᠪᠬᠤ ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ | ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠤᠨ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ | 2025 ᠣᠨ ᠤ 2 ᠳ᠋ᠤᠭᠠᠷ ᠰᠠᠷ᠎ᠠ ᠶᠢᠨ 19 ᠤ ᠡᠳᠦᠷ | |