ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 12 ᠤᠨ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ ᠂ ︽ᠲᠥᠷᠥ ᠶᠢᠨ ᠶᠠᠪᠤᠳᠠᠯ ᠤᠨ | ᠬᠤᠷᠢᠶᠠᠨ ᠤ 2025 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ ᠢ ᠶᠠᠷᠢᠯᠴᠠᠨ ᠪᠠᠲᠤᠯᠠᠵᠤ ᠂ ︽ | ︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢᠶᠠᠷ ᠬᠢᠨᠠᠨ | ᠶᠠᠷᠢᠯᠴᠠᠵᠤ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠦᠬᠦ ᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠢ ᠲᠣᠭᠲᠠᠭᠠᠵᠠᠢ ᠃ ᠡᠯ᠎ᠡ ᠰᠠᠯᠠᠭ᠎ᠠ ᠮᠥᠴᠢᠷ ᠂ ᠡᠯ᠎ᠡ | ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ᠪᠣᠳᠠᠲᠤ ᠪᠠᠶᠢᠳᠠᠯ ᠳᠤ ᠪᠠᠨ ᠲᠣᠬᠢᠷᠠᠭᠤᠯᠤᠨ ᠂ ᠨᠡᠩ ᠴᠢᠩᠭ᠎ᠠ ᠡᠭᠦᠷᠭᠡᠯᠡᠯ ᠂ ᠨᠡᠩ | ᠢᠳᠡᠪᠬᠢᠲᠡᠢ ᠠᠵᠢᠯᠯᠠᠭ᠎ᠠ ᠪᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ ᠂ ᠪᠣᠳᠠᠲᠠᠢ ᠠᠵᠢᠯᠯᠠᠭ᠎ᠠ | ᠪᠣᠳᠠᠲᠠᠢ ᠪᠦᠲᠦᠮᠵᠢ ᠪᠠᠷ ᠢᠶᠠᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠠᠨ ᠪᠡᠶᠡᠯᠡᠭᠦᠯᠬᠦ ᠬᠡᠷᠡᠭᠲᠡᠢ ᠃ | ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠭᠠᠳ ᠲᠦᠷᠭᠡᠳᠬᠡᠨ ᠨᠠᠶᠢᠳᠠᠪᠤᠷᠢᠵᠢᠭᠤᠯᠵᠤ ᠂ ᠡᠯ᠎ᠡ ᠵᠦᠢᠯ ᠤᠨ ᠮᠠᠭᠠᠳ ᠪᠤᠰᠤ | ᠬᠦᠴᠦᠨ ᠵᠦᠢᠯ ᠯᠦᠭᠡ ᠴᠠᠭ ᠢ ᠠᠮᠵᠢᠨ ᠴᠢᠩᠭ᠎ᠠ ᠠᠳᠬᠤᠨ ᠲᠦᠷᠭᠡᠨ ᠠᠵᠢᠯᠯᠠᠵᠤ ᠂ ᠤᠷᠤᠭᠰᠢ ᠪᠠᠨ ᠬᠦᠴᠦᠯᠡᠬᠦ ᠬᠡᠷᠡᠭᠲᠡᠢ ᠃ | ᠡᠭᠦᠨ ᠤ ᠵᠡᠷᠭᠡ ᠳᠤ ᠪᠠᠶᠢᠳᠠᠯ ᠤᠨ ᠬᠤᠪᠢᠷᠠᠯᠲᠠ ᠶᠢ ᠨᠢᠭᠲᠠ ᠮᠥᠷᠳᠡᠵᠦ ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢ | ᠰᠠᠶᠢᠲᠤᠷ ᠬᠢᠵᠦ ᠂ ᠬᠡᠷᠡᠭᠴᠡᠭᠡ ᠲᠠᠢ ᠦᠶ᠎ᠡ ᠳᠤ ᠴᠠᠭ ᠲᠤᠬᠠᠢ ᠳᠤ ᠨᠢ ᠨᠡᠶᠢᠲᠡᠯᠡᠵᠦ ᠂ ᠠᠯᠢ ᠲᠦᠷᠭᠡᠨ ᠢᠶᠠᠷ ᠦᠷ᠎ᠡ ᠪᠦᠲᠦᠮᠵᠢ | ᠣᠯᠬᠤ ᠶᠢ ᠦᠨᠡᠨ ᠬᠦ ᠪᠠᠲᠤᠯᠠᠨ᠎ᠠ ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ ᠂ | ᠳᠠᠶᠢᠴᠢᠯᠠᠬᠤ ᠴᠢᠨᠠᠷ ᠪᠠ ᠬᠥᠰᠢᠵᠦ ᠨᠡᠭᠡᠭᠡᠬᠦ ᠴᠢᠨᠠᠷ ᠢᠶᠠᠷ ᠴᠢᠩᠭ᠎ᠠ ᠭᠠᠷᠳᠠᠬᠤ ᠴᠡᠭ ᠢ ᠴᠢᠳᠠᠮᠠᠭᠠᠢ ᠣᠯᠵᠤ ᠂ ᠰᠢᠨ᠎ᠡ | ᠭᠠᠷᠳᠠᠴᠠ ᠪᠠ ᠠᠴᠢᠶᠠᠯᠠᠪᠤᠷᠢ ᠶᠢ ᠳᠠᠰᠤᠷᠠᠯᠳᠠ ᠦᠭᠡᠢ ᠰᠦᠪᠡᠭᠴᠢᠯᠡᠨ ᠂ ᠴᠡᠭ ᠢᠶᠠᠷ ᠨᠡᠶᠢᠳᠡᠮ ᠢ ᠳᠠᠶᠢᠴᠢᠯᠠᠨ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠃ | ᠣᠷᠣᠨ ᠨᠤᠲᠤᠭ ᠢ ᠵᠢᠯᠣᠭᠤᠳᠤᠨ ᠳᠡᠮᠵᠢᠬᠦ ᠪᠠᠨ ᠴᠢᠩᠭᠠᠳᠬᠠᠵᠤ ᠂ ᠬᠦᠴᠦᠨ ᠵᠦᠢᠯ ᠤᠨ ᠪᠠᠲᠤᠯᠠᠭ᠎ᠠ ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ ᠬᠡᠷᠡᠭᠵᠢᠭᠦᠯᠦᠨ ᠤᠷᠢᠳ ᠢᠶᠠᠷ | ᠲᠤᠷᠰᠢᠬᠤ ᠵᠡᠷᠭᠡ ᠲᠠᠯ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ ᠲᠣᠭᠲᠠᠭᠠᠵᠤ ᠂ ᠪᠣᠳᠠᠲᠠᠢ ᠲᠥᠰᠥᠯ ᠭᠠᠷᠭᠠᠬᠤ ᠬᠡᠷᠡᠭᠲᠡᠢ ᠃ | ᠰᠠᠯᠠᠭ᠎ᠠ ᠮᠥᠴᠢᠷ ᠬᠤᠭᠤᠷᠣᠨᠳᠤᠬᠢ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ ᠂ ᠡᠯ᠎ᠡ ᠰᠠᠯᠠᠭ᠎ᠠ ᠮᠥᠴᠢᠷ ᠤᠳ ᠶᠡᠭᠡ | ᠲᠠᠯᠠᠲᠤ ᠤᠬᠠᠮᠰᠠᠷ ᠢᠶᠠᠨ ᠴᠢᠩᠭᠠᠳᠬᠠᠵᠤ ᠂ ᠰᠢᠰᠲ᠋ᠧᠮᠲᠦ ᠦᠵᠡᠯᠲᠡ ᠪᠠᠨ ᠴᠢᠩᠭᠠᠷᠠᠭᠤᠯᠵᠤ ᠂ ᠲᠦᠷᠦᠭᠦᠯᠡᠨ ᠬᠢᠬᠦ ᠰᠠᠯᠠᠭ᠎ᠠ | ᠮᠥᠴᠢᠷ ᠤᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠰᠢᠢᠳᠪᠦᠷᠢᠯᠡᠵᠦ ᠂ | ᠣᠷᠣᠯᠴᠠᠭᠰᠠᠨ ᠰᠠᠯᠠᠭ᠎ᠠ ᠮᠥᠴᠢᠷ ᠢᠳᠡᠪᠬᠢᠲᠡᠢ ᠠᠵᠢᠯᠯᠠᠨ ᠨᠢᠭᠲᠠ ᠬᠠᠮᠵᠢᠯᠴᠠᠵᠤ ᠂ ᠬᠠᠮᠲᠤᠷᠠᠯ ᠬᠦᠴᠦᠨ | ᠪᠦᠷᠢᠯᠳᠦᠭᠦᠯᠦᠭᠡᠳ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ ᠃ | ᠬᠤᠷᠠᠯᠳᠤᠭᠠᠨ ᠢᠶᠠᠷ ︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ ᠂ ᠲᠦᠷᠭᠡᠨ ᠬᠦᠷᠭᠡᠯᠲᠡ ᠶᠢᠨ ᠪᠣᠭᠤᠳᠠᠯ ᠤᠨ ᠠᠰᠠᠭᠤᠳᠠᠯ ᠳᠤ ᠴᠢᠭᠯᠡᠭᠦᠯᠦᠨ | ︽ ᠳᠦᠷᠢᠮ ︾ ᠳᠤ ᠲᠤᠰᠬᠠᠢ ᠵᠠᠰᠠᠪᠤᠷᠢ ᠣᠷᠣᠭᠤᠯᠤᠭᠰᠠᠨ ᠨᠢ ᠲᠦᠷᠭᠡᠨ ᠬᠦᠷᠭᠡᠯᠲᠡ ᠶᠢᠨ ᠪᠣᠭᠤᠳᠠᠯ ᠢ ᠪᠣᠬᠢᠷᠲᠤᠯ ᠦᠭᠡᠢ | ᠪᠣᠯᠭᠠᠬᠤ ᠂ ᠬᠡᠷᠡᠭᠯᠡᠬᠦ ᠮᠠᠲ᠋ᠧᠷᠢᠶᠠᠯ ᠢ ᠪᠠᠭᠠᠰᠬᠠᠬᠤ ᠂ ᠡᠷᠭᠢᠯᠳᠦᠬᠦᠶᠢᠴᠡ ᠶᠢ ᠠᠬᠢᠭᠤᠯᠬᠤ ᠂ ᠪᠣᠬᠢᠷᠲᠤᠯ ᠦᠭᠡᠢ ᠦᠢᠯᠡᠳᠪᠦᠷᠢᠯᠡᠯ | ᠪᠠ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠬᠦ ᠳᠤ ᠠᠰᠢᠭᠲᠠᠢ ᠶᠤᠮ ᠃ ᠰᠢᠰᠲ᠋ᠧᠮᠵᠢᠭᠦᠯᠦᠨ ᠵᠠᠰᠠᠬᠤ ᠂ | ᠬᠠᠮᠵᠢᠯᠴᠠᠨ ᠵᠠᠰᠠᠬᠤ ᠶᠢ ᠪᠠᠷᠢᠮᠲᠠᠯᠠᠵᠤ ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠠᠲᠤᠳᠬᠠᠨ ᠂ ᠳᠡᠭᠡᠳᠦ ᠤᠷᠤᠰᠬᠠᠯ ᠳᠤ ᠪᠠᠶᠢᠷᠢᠯᠠᠵᠤ ᠪᠦᠬᠦᠢ ᠦᠢᠯᠡᠳᠪᠦᠷᠢᠯᠡᠯ ᠤᠨ ᠠᠵᠤ ᠠᠬᠤᠶᠢᠯᠠᠯ ᠂ | ᠬᠤᠳᠠᠯᠳᠤᠭᠠᠴᠢᠨ ᠪᠠ ᠳᠣᠣᠷᠠᠳᠤ ᠤᠷᠤᠰᠬᠠᠯ ᠳᠤ ᠪᠠᠶᠢᠷᠢᠯᠠᠵᠤ ᠪᠦᠬᠦᠢ ᠬᠡᠷᠡᠭᠯᠡᠭᠴᠢᠳ ᠢ ᠬᠥᠲᠥᠯᠥᠨ ᠵᠢᠯᠤᠭᠤᠳᠴᠤ | ᠵᠢᠷᠤᠮᠵᠢᠭᠤᠯᠬᠤ ᠶᠢ ᠴᠢᠩᠭᠠᠳᠬᠠᠵᠤ ᠂ ᠪᠥᠬᠦ ᠬᠡᠯᠬᠢᠶ᠎ᠡ ᠪᠠᠷ ᠨᠢ ᠵᠠᠰᠠᠬᠤ ᠶᠢ ᠠᠬᠢᠭᠤᠯᠬᠤ ᠬᠡᠷᠡᠭᠲᠡᠢ ᠃ ᠲᠦᠷᠭᠡᠨ | ᠬᠦᠷᠭᠡᠯᠲᠡ ᠶᠢᠨ ᠪᠣᠭᠤᠳᠠᠯ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠡᠷᠦᠩᠬᠡᠶᠢᠯᠡᠭᠰᠡᠨ ᠴᠢᠨᠠᠷᠲᠠᠢ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠪᠣᠭᠤᠳᠠᠯᠯᠠᠬᠤ ᠂ ᠡᠭᠡᠭᠦᠯᠦᠨ ᠬᠤᠷᠢᠶᠠᠬᠤ ᠂ ᠤᠬᠢᠶᠠᠵᠤ | ᠴᠡᠪᠡᠷᠯᠡᠬᠦ ᠂ ᠲᠣᠬᠢᠷᠠᠭᠤᠯᠬᠤ ᠰᠠᠯᠭᠠᠬᠤ ᠵᠡᠷᠭᠡ ᠡᠵᠡᠩᠨᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ ᠂ | ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ ᠂ ᠪᠣᠬᠢᠷᠲᠤᠯ ᠦᠭᠡᠢ ᠬᠥᠭᠵᠢᠯᠲᠡ ᠶᠢᠨ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠡᠢ ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ ᠃ | |