ᠮᠤᠵᠢ ᠶᠢᠨ ᠬᠤᠭᠤᠷᠤᠨᠳᠤ ᠬᠤᠯᠪᠣᠭᠠᠯᠠᠨ ᠭᠠᠳᠠᠷ ᠲᠤᠭᠤᠷᠢᠨ ᠤ ᠴᠢᠰᠤᠨ ᠰᠤᠳᠠᠯ ᠳᠤ ᠰᠠᠭᠤᠯᠭᠠᠬᠤ ᠬᠥᠲᠦᠯᠬᠦ ᠨᠡᠪᠲᠡᠷᠡᠭᠦᠯᠬᠦ ᠵᠡᠷᠭᠡ 4 ᠵᠦᠢᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/3/18
ᠥᠪᠥᠷ ᠡᠮ ᠬᠤᠳᠠᠯᠳᠤᠨ ᠠᠪᠬᠤ ᠲᠥᠪ ᠦᠰᠦᠭ ﹇ 2025 ﹈ 52 ᠳ᠋ᠤᠭᠠᠷ ᠲᠣᠭᠠᠲᠤ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄  ᠾᠧᠪᠸᠢ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ᠋ ᠤ ︽ᠮᠤᠵᠢ ᠶᠢᠨ ᠬᠤᠭᠤᠷᠤᠨᠳᠤ ᠬᠤᠯᠪᠣᠭᠠᠯᠠᠨ ᠭᠠᠳᠠᠷ ᠲᠣᠭᠤᠷᠢᠨ ᠤ ᠴᠢᠰᠤᠨ ᠰᠤᠳᠠᠯ ᠳᠤ ᠰᠠᠭᠤᠯᠭᠠᠬᠤ ᠬᠥᠲᠥᠯᠬᠦ ᠨᠡᠪᠲᠡᠷᠡᠭᠦᠯᠬᠦ ᠵᠡᠷᠭᠡ 4 ᠵᠦᠢᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢᠨ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠠᠴᠠ ᠡᠳᠦᠭᠡ ᠭᠠᠳᠠᠷ ᠲᠣᠭᠤᠷᠢᠨ ᠤ ᠴᠢᠰᠤᠨ ᠰᠤᠳᠠᠯ ᠳᠤ ᠰᠠᠭᠤᠯᠭᠠᠬᠤ ᠬᠥᠲᠥᠯᠬᠦ ᠨᠡᠪᠲᠡᠷᠡᠭᠦᠯᠬᠦ ᠵᠡᠷᠭᠡ 4 ᠵᠦᠢᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢ ᠥᠷᠨᠢᠭᠦᠯᠬᠦ ᠪᠠᠷ ᠪᠣᠢ ᠂ ᠪᠣᠳᠠᠲᠠᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠪᠠᠶᠢᠭᠤᠯᠤᠮᠵᠢ ᠶᠢᠨ ᠬᠡᠪᠴᠢᠶ᠎ᠡ  ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠲᠤᠭ᠎ᠠ ᠪᠠᠷᠢᠮᠲᠠ ᠪᠠᠨ ᠨᠢᠭᠡᠨᠲᠡ ᠮᠡᠳᠡᠭᠦᠯᠦᠨ ᠬᠦᠷᠭᠡᠭᠰᠡᠨ ᠡᠮᠴᠢᠯᠡᠭᠡᠨ ᠤ ᠪᠠᠶᠢᠭᠤᠯᠤᠮᠵᠢ᠃  ᠬᠤᠶᠠᠷ᠂ ᠲᠠᠭᠯᠠᠨ ᠮᠡᠳᠡᠭᠦᠯᠬᠦ ᠠᠷᠭ᠎ᠠ ᠬᠡᠯᠪᠡᠷᠢ  ᠲᠣᠰ ᠤᠳᠠᠭᠠᠨ ᠤ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢ ︽ᠾᠤᠪᠸᠢ ᠮᠤᠵᠢ ᠶᠢᠨ ᠡᠮᠴᠢᠯᠡᠭᠡᠨ ᠳᠤ ᠬᠡᠷᠡᠭᠯᠡᠬᠦ ᠡᠮ ᠤᠨ ᠵᠦᠢᠯ ᠪᠠᠭᠠᠵᠢ ᠬᠡᠷᠡᠭᠰᠡᠯ ᠢ ᠬᠤᠳᠠᠯᠳᠤᠨ ᠠᠪᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ — ᠬᠤᠷᠣᠭᠳᠠᠯ ᠮᠠᠲ᠋ᠧᠷᠢᠶᠠᠯ ᠤᠨ ᠠᠷᠠᠯᠵᠢᠶᠠᠨ ᠤ ᠳ᠋ᠦᠩᠨᠡᠨ ᠪᠣᠳᠣᠯᠲᠠ — ᠮᠡᠳᠡᠭᠦᠯᠬᠦ ᠬᠡᠮᠵᠢᠶᠡᠨ ᠤ ᠲᠥᠷᠥᠯ ᠵᠦᠢᠯ ᠤᠨ ᠬᠠᠮᠢᠶᠠᠷᠤᠯᠲᠠ︾ ᠳᠤ ᠨᠡᠪᠲᠡᠷᠡᠵᠦ ᠬᠠᠮᠢᠶ᠎ᠠ ᠪᠥᠬᠦᠶ ᠠᠵᠢᠯᠯᠠᠭᠠᠨ ᠢ ᠭᠦᠢᠴᠡᠳᠬᠡᠵᠦ ︵ᠰᠦᠯᠵᠢᠶᠡᠨ  ᠬᠠᠶ᠋ᠢᠭ᠄ http://ylbzj.hebei.gov.cn/tps-local/rpup-login ︶᠂ ᠪᠣᠳᠠᠲᠠᠶ ᠠᠵᠢᠯᠯᠠᠭᠠᠨ ᠤ ᠠᠷᠭ᠎ᠠ ᠶᠢ ᠰᠢᠰᠲ᠋ᠧᠮ ᠳᠠᠬᠢ ᠠᠵᠢᠯᠯᠠᠭᠠᠨ ᠤ ᠭᠠᠷ ᠳᠡᠪᠲᠡᠷ ᠠᠴᠠ ᠦᠵᠡᠭᠡᠷᠡᠢ ᠃ ᠨᠡᠪᠲᠡᠷᠡᠬᠦ ᠳᠠᠩᠰᠠᠨ ᠨᠣᠮᠧᠷ ᠪᠣᠯᠣᠨ ᠨᠢᠭᠤᠴᠠ ᠨᠣᠮᠧᠷ ᠨᠢ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠢ ᠲᠠᠭᠯᠠᠨ ᠮᠡᠳᠡᠭᠦᠯᠬᠦ ᠳᠤ ᠬᠡᠷᠡᠭᠯᠡᠬᠦ ᠳᠠᠩᠰᠠᠨ ᠨᠣᠮᠧᠷ ᠪᠣᠯᠣᠨ ᠨᠢᠭᠤᠴᠠ ᠨᠣᠮᠧᠷ ᠲᠠᠢ ᠠᠳᠠᠯᠢ ᠪᠠᠶᠢᠵᠤ᠂ ᠡᠮᠴᠢᠯᠡᠭᠡᠨ ᠤ ᠪᠠᠶᠢᠭᠤᠯᠤᠮᠵᠢ ᠬᠡᠷᠪᠡ ᠨᠢᠭᠤᠴᠠ ᠨᠣᠮᠧᠷ ᠢᠶᠠᠨ ᠮᠠᠷᠲᠠᠪᠠᠯ᠂ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠳᠠᠮᠵᠢᠭᠤᠯᠤᠨ ᠳᠠᠬᠢᠨ ᠳᠣᠬᠢᠷᠠᠭᠤᠯᠵᠤ ᠪᠣᠯᠣᠨ᠎ᠠ᠃  ᠭᠤᠷᠪᠠ᠂ ᠬᠤᠳᠠᠯᠳᠤᠨ ᠠᠪᠬᠤ ᠬᠡᠮᠵᠢᠶᠡᠨ ᠤ ᠬᠤᠪᠢᠶᠠᠷᠢᠯᠠᠯᠲᠠ ᠶᠢᠨ ᠳᠦᠷᠢᠮ  ᠬᠤᠳᠠᠯᠳᠤᠨ ᠠᠪᠬᠤ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ᠂ ᠬᠤᠶᠠᠷ ᠠᠯᠬᠤᠮ ᠬᠤᠪᠢᠶᠠᠨ ᠡᠮᠴᠢᠯᠡᠭᠡᠨ ᠤ ᠪᠠᠶᠢᠭᠤᠯᠤᠮᠵᠢ ᠨᠢᠭᠡᠪᠦᠷᠢ ᠶᠢᠨ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠨ᠎ᠠ᠃  ︵ᠨᠢᠭᠡ ︶ ᠲᠣᠭᠲᠠᠮᠠᠯ ᠬᠡᠮᠵᠢᠶᠡᠨ ᠤ ᠬᠤᠪᠢᠶᠠᠷᠢᠯᠠᠯᠲᠠ ᠃ ᠲᠣᠭᠲᠠᠮᠠᠯ ᠬᠡᠮᠵᠢᠶ᠎ᠡ = ᠡᠮᠴᠢᠯᠡᠭᠡᠨ ᠤ ᠪᠠᠶᠢᠭᠤᠯᠤᠮᠵᠢ ᠶᠢᠨ ᠲᠠᠭᠯᠠᠨ ᠮᠡᠳᠡᠭᠦᠯᠦᠭᠰᠡᠨ ᠠᠵᠤ ᠠᠬᠤᠶᠢᠯᠠᠯ ︵ᠳᠠᠩᠰᠠᠯᠠᠭᠤᠯᠤᠭᠰᠠᠨ ᠦᠨᠡᠮᠯᠡᠯ︶ ᠤᠨ ᠬᠡᠷᠡᠭᠰᠡᠬᠦ ᠬᠡᠮᠵᠢᠶ᠎ᠡ * 80%* ᠶᠢᠨ ᠳᠣᠲᠣᠷ᠎ᠠ ᠰᠣᠩᠭᠤᠬᠤ ᠳᠦᠷᠢᠮ ᠤᠨ ᠬᠠᠷᠢᠴᠠᠯ ︵ᠳᠥᠷᠪᠡ ᠶᠢ ᠬᠠᠶᠠᠵᠤ ᠲᠠᠪᠤ ᠶᠢ ᠳᠡᠪᠰᠢᠭᠦᠯᠬᠦ ︶ ᠃  ᠰᠣᠩᠭᠤᠭᠳᠠᠭᠰᠠᠨ ᠳᠦᠷᠢᠮ ᠨᠢᠭᠡ ᠠᠴᠠ ᠪᠣᠢ ᠪᠣᠯᠣᠭᠰᠠᠨ ᠰᠣᠩᠭᠤᠭᠳᠠᠭᠰᠠᠨ ᠠᠵᠤ ᠠᠬᠤᠶᠢᠯᠠᠯ ︵ᠳᠠᠩᠰᠠᠯᠠᠭᠤᠯᠤᠭᠰᠠᠨ ᠦᠨᠡᠮᠯᠡᠯ︶ ᠪᠠᠶᠢᠪᠠᠯ᠂ ᠡᠮᠴᠢᠯᠡᠭᠡᠨ ᠤ ᠪᠠᠶᠢᠭᠤᠯᠤᠮᠵᠢ ᠲᠣᠰ ᠠᠵᠤ ᠠᠬᠤᠶᠢᠯᠠᠯ ᠤᠨ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶᠡᠨ ᠤ 100% ᠪᠠᠷ ᠲᠠᠭᠯᠠᠨ ᠮᠡᠳᠡᠭᠦᠯᠦᠨ᠎ᠡ᠃  2. ᠰᠣᠩᠭᠤᠭᠳᠠᠭᠰᠠᠨ ᠲᠦᠷᠢᠮ ᠬᠤᠶᠠᠷ ᠠᠴᠠ ᠪᠣᠶ ᠪᠣᠯᠤᠭᠰᠠᠨ ᠰᠣᠩᠭᠤᠭᠳᠠᠭᠰᠠᠨ ᠠᠵᠤ ᠠᠬᠤᠶᠢᠯᠠᠯ ︵ᠳᠠᠩᠰᠠᠯᠠᠭᠤᠯᠤᠭᠰᠠᠨ ᠦᠨᠡᠮᠯᠡᠯ︶ ᠪᠠᠶᠢᠪᠠᠯ ᠂ ᠡᠮᠴᠢᠯᠡᠭᠡᠨ ᠤ ᠪᠠᠶᠢᠭᠤᠯᠤᠮᠵᠢ ᠲᠣᠰ ᠠᠵᠤ ᠠᠬᠤᠶᠢᠯᠠᠯ ᠤᠨ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶᠡᠨ ᠤ 50% ᠪᠠᠷ ᠲᠠᠭᠯᠠᠨ ᠮᠡᠳᠡᠭᠦᠯᠦᠨ᠎ᠡ᠃  3. ᠰᠣᠩᠭᠤᠭᠳᠠᠭᠰᠠᠨ ᠲᠦᠷᠢᠮ ᠭᠤᠷᠪᠠ ᠠᠴᠠ ᠪᠣᠶ ᠪᠣᠯᠣᠭᠰᠠᠨ ᠰᠣᠩᠭᠤᠭᠳᠠᠭᠰᠠᠨ ᠠᠵᠤ ᠠᠬᠤᠶᠢᠯᠠᠯ ︵ᠳᠠᠩᠰᠠᠯᠠᠭᠤᠯᠤᠭᠰᠠᠨ ᠦᠨᠡᠮᠯᠡᠯ︶ ᠪᠠᠶᠢᠪᠠᠯ᠂ ᠡᠮᠴᠢᠯᠡᠭᠡᠨ ᠤ ᠪᠠᠶᠢᠭᠤᠯᠤᠮᠵᠢ ᠲᠣᠰ ᠠᠵᠤ ᠠᠬᠤᠶᠢᠯᠠᠯ ᠤᠨ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶᠡᠨ ᠤ 30% ᠪᠠᠷ ᠲᠠᠭᠯᠠᠨ ᠮᠡᠳᠡᠭᠦᠯᠦᠨ᠎ᠡ᠃  4.ᠰᠣᠩᠭᠤᠭᠳᠠᠭᠰᠠᠨ ᠳᠦᠷᠢᠮ ᠳᠥᠷᠪᠡ ᠠᠴᠠ ᠪᠣᠢ ᠪᠣᠯᠣᠭᠰᠠᠨ ᠰᠣᠩᠭᠤᠭᠳᠠᠭᠰᠠᠨ ᠠᠵᠤ ᠠᠬᠤᠶᠢᠯᠠᠯ ︵ᠳᠠᠩᠰᠠᠯᠠᠭᠤᠯᠤᠭᠰᠠᠨ ᠦᠨᠡᠮᠯᠡᠯ︶ ᠪᠠᠶᠢᠪᠠᠯ ᠂ ᠡᠮᠴᠢᠯᠡᠭᠡᠨ ᠤ ᠪᠠᠶᠢᠭᠤᠯᠤᠮᠵᠢ ᠲᠣᠰ ᠠᠵᠤ ᠠᠬᠤᠶᠢᠯᠠᠯ ᠤᠨ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶᠡᠨ ᠤ 10% ᠪᠠᠷ ᠮᠡᠳᠡᠭᠦᠯᠦᠨ᠎ᠡ ᠃  ︵ᠬᠤᠶᠠᠷ ︶ ᠦᠯᠡᠳᠡᠪᠦᠷᠢ ᠬᠡᠮᠵᠢᠶᠡᠨ ᠤ ᠬᠤᠪᠢᠶᠠᠷᠢᠯᠠᠯᠲᠠ᠃ ᠦᠯᠡᠳᠡᠪᠦᠷᠢ ᠬᠡᠮᠵᠢᠶ᠎ᠡ ᠳᠤ ᠰᠣᠩᠭᠤᠭᠳᠠᠭᠰᠠᠨ ᠳᠦᠷᠢᠮ ᠬᠤᠶᠠᠷ᠂ ᠳᠦᠷᠢᠮ ᠭᠤᠷᠪᠠ᠂ ᠳᠦᠷᠢᠮ ᠳᠥᠷᠪᠡ ᠳᠤ ᠲᠣᠬᠢᠷᠠᠭᠤᠯᠤᠨ ᠭᠠᠷᠭᠠᠬᠤ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠵᠢᠴᠢ ᠰᠣᠩᠭᠤᠭᠳᠠᠭᠰᠠᠨ ᠦᠭᠡᠢ ᠠᠵᠤ ᠠᠬᠤᠶᠢᠯᠠᠯ ︵ᠳᠠᠩᠰᠠᠯᠠᠭᠤᠯᠤᠭᠰᠠᠨ       ᠦᠨᠡᠮᠯᠡᠯ︶ ᠤᠨ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠶᠢ ᠪᠠᠭᠲᠠᠭᠠᠨ᠎ᠠ᠃  ᠦᠯᠡᠳᠡᠪᠦᠷᠢ ᠬᠡᠮᠵᠢᠶ᠎ᠡ ᠶᠢ ᠡᠮᠴᠢᠯᠡᠭᠡᠨ ᠤ ᠪᠠᠶᠢᠭᠤᠯᠤᠮᠵᠢ ᠠᠴᠠ ᠡᠵᠡᠨ ᠮᠡᠳᠡᠵᠦ ᠲᠦᠷᠢᠮ ᠨᠢᠭᠡ ᠪᠠ ᠲᠦᠷᠢᠮ ᠬᠤᠶᠠᠷ ᠠᠴᠠ ᠪᠣᠶ ᠪᠣᠯᠤᠭᠰᠠᠨ ᠰᠣᠩᠭᠤᠭᠳᠠᠭᠰᠠᠨ ᠠᠵᠤ ᠠᠬᠤᠶᠢᠯᠠᠯ ︵ᠳᠠᠩᠰᠠᠯᠠᠭᠤᠯᠤᠭᠰᠠᠨ ᠦᠨᠡᠮᠯᠡᠯ︶ ᠢ ᠡᠵᠡᠮᠳᠡ ᠮᠡᠳᠡᠨ ᠰᠣᠩᠭᠤᠨ᠎ᠠ᠃ ᠳᠦᠷᠢᠮ ᠭᠤᠷᠪᠠ ᠪᠠ ᠳᠦᠷᠢᠮ ᠳᠥᠷᠪᠡ ᠠᠴᠠ ᠪᠣᠢ ᠪᠣᠯᠣᠭᠰᠠᠨ ᠰᠣᠩᠭᠤᠭᠳᠠᠭᠰᠠᠨ ᠠᠵᠤ ᠠᠬᠤᠶᠢᠯᠠᠯ ︵ ᠳᠠᠩᠰᠠᠯᠠᠭᠤᠯᠤᠭᠰᠠᠨ ᠦᠨᠡᠮᠯᠡᠯ︶ ᠢ ᠬᠡᠮᠵᠢᠶᠡᠨ ᠤ ᠬᠤᠪᠢᠶᠠᠷᠢᠯᠠᠯᠲᠠ ᠳᠤ ᠣᠷᠤᠯᠴᠠᠭᠤᠯᠬᠤ ᠦᠭᠡᠢ᠃  ᠳᠥᠷᠪᠡ᠂ ᠴᠠᠭ ᠤᠨ ᠳᠣᠬᠢᠷᠠᠭᠤᠯᠤᠯᠲᠠ  2025 ᠣᠨ ᠤ 3 ᠳ᠋ᠤᠭᠠᠷ ᠰᠠᠷ᠎ᠠ ᠶᠢᠨ 18 ᠤ ᠡᠳᠦᠷ - 2025 ᠣᠨ ᠤ 3 ᠳ᠋ᠤᠭᠠᠷ ᠰᠠᠷ᠎ᠠ ᠶᠢᠨ 24 ᠤ ᠡᠳᠦᠷ ᠪᠣᠯᠲᠠᠯ᠎ᠠ᠃  ᠲᠠᠪᠤ᠂ ᠠᠵᠢᠯ ᠤᠨ ᠱᠠᠭᠠᠷᠳᠠᠯᠭ᠎ᠠ  ︵ᠨᠢᠭᠡ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠮᠤᠵᠢ ᠶᠢᠨ ᠬᠤᠭᠤᠷᠤᠨᠳᠤ ᠬᠤᠯᠪᠣᠭᠠᠯᠠᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠶᠢᠨ ᠳᠦᠷᠢᠮ ᠶᠣᠰᠣᠭᠠᠷ ᠦᠯᠡᠳᠡᠪᠦᠷᠢ ᠬᠡᠮᠵᠢᠶ᠎ᠡ ᠶᠢ ᠡᠵᠡᠨ ᠮᠡᠳᠡᠨ ᠰᠣᠩᠭᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠥᠪᠳᠡᠯᠴᠡᠨ ᠬᠤᠳᠠᠯᠳᠤᠨ ᠠᠪᠬᠤ ᠦᠢᠯᠡᠳᠬᠦᠨ ᠪᠣᠯᠤᠨ ᠬᠤᠳᠠᠯᠳᠤᠨ ᠠᠪᠬᠤ ᠬᠡᠮᠵᠢᠶ᠎ᠡ ᠶᠢ ᠴᠥᠮ ᠡᠮᠴᠢᠯᠡᠭᠡᠨ ᠤ ᠪᠠᠶᠢᠭᠤᠯᠤᠮᠵᠢ ᠠᠴᠠ ᠨᠤᠲᠠᠯᠠᠨ ᠲᠣᠭᠲᠠᠭᠠᠬᠤ ᠬᠡᠷᠡᠭᠲᠡᠶ᠃  ︵ᠬᠤᠶᠠᠷ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠠᠳᠠᠯᠢ ᠲᠥᠷᠥᠯ ᠤᠨ ᠦᠨ᠎ᠡ ᠨᠢ ᠵᠦᠢ ᠵᠣᠬᠢᠰᠲᠠᠶ ᠰᠣᠩᠭᠤᠭᠳᠠᠭᠰᠠᠨ ᠦᠢᠯᠡᠳᠬᠦᠨ ᠢ ᠰᠣᠩᠭᠤᠭᠤᠯᠬᠤ ᠬᠡᠷᠡᠭᠲᠡᠶ᠃ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠶᠢᠨ ᠬᠢᠨ ᠢ ᠨᠢᠭᠤᠴᠠ ᠨᠣᠮᠧᠷ ᠪᠠ ᠲᠠᠩᠰᠠᠨ ᠨᠣᠮᠧᠷ ᠤᠨ ᠬᠠᠮᠢᠶᠠᠷᠤᠯᠲᠠ ᠪᠠᠨ ᠴᠢᠩᠭᠠᠳᠬᠠᠬᠤ᠂ ᠠᠵᠢᠯ ᠢᠶᠠᠨ ᠰᠠᠶᠢᠨ ᠣᠶᠢᠯᠠᠭᠠᠳᠠᠭ ᠲᠤᠰᠬᠠᠶ ᠬᠥᠮᠦᠨ ᠲᠣᠭᠲᠠᠭᠠᠨ ᠬᠠᠷᠢᠭᠤᠴᠠᠭᠤᠯᠤᠭᠤᠯᠬᠤ᠂ ᠪᠤᠰᠤᠳ ᠬᠥᠮᠦᠨ ᠡᠮᠴᠢᠯᠡᠭᠡᠨ ᠤ ᠪᠠᠶᠢᠭᠤᠯᠤᠮᠵᠢ ᠶᠢᠨ ᠲᠠᠩᠰᠠᠨ ᠨᠣᠮᠧᠷ ᠢ ᠠᠰᠢᠭᠯᠠᠨ ᠬᠤᠳᠠᠯ ᠢᠶᠠᠷ ᠮᠡᠳᠡᠭᠦᠯᠬᠦ᠂ ᠪᠤᠷᠤᠭᠤ ᠮᠡᠳᠡᠭᠦᠯᠬᠦ᠂ ᠵᠥᠪᠳᠡᠯᠴᠡᠨ ᠬᠤᠳᠠᠯᠳᠤᠨ ᠠᠪᠬᠤ ᠬᠡᠮᠵᠢᠶ᠎ᠡ ᠶᠢ ᠥᠭᠡᠷᠡᠴᠢᠯᠡᠨ ᠮᠡᠳᠡᠭᠦᠯᠬᠦ ᠵᠡᠷᠭᠡ ︽ᠬᠡᠮᠵᠢᠶ᠎ᠡ ᠦᠨᠡᠨ ᠪᠣᠳᠠᠲᠠᠶ ᠪᠢᠰᠢ︾ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠬᠤ ᠬᠡᠷᠡᠭᠲᠡᠶ᠃              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ            2025 ᠣᠨ ᠤ 3 ᠳ᠋ᠤᠭᠠᠷ ᠰᠠᠷ᠎ᠠ ᠶᠢᠨ 18 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号