ᠥᠪᠥᠷ ᠮᠣᠩᠭᠤᠯ ᠡᠮᠴᠢᠯᠡᠭᠡᠨ ᠤ ᠳᠠᠭᠠᠳᠬᠠᠯ ᠤᠨ ᠰᠦᠯᠵᠢᠶᠡᠨ ᠳᠡᠭᠡᠷᠡᠬᠢ ᠠᠷᠠᠳ ᠲᠤ ᠲᠥᠬᠦᠮ ᠦᠵᠡᠭᠦᠯᠬᠦ ᠡᠮ ᠬᠤᠳᠠᠯᠳᠤᠨ ᠠᠪᠬᠤ ᠬᠡᠷᠡᠭᠯᠡᠯᠲᠡ ᠶᠢᠨ ᠰᠢᠨ᠎ᠡ ᠶᠢ ᠡᠭᠦᠳᠦᠨ ᠭᠠᠷᠭᠠᠪᠠ
ᠨᠡᠶᠢᠲᠡᠯᠡᠭᠰᠡᠨ ᠴᠠᠭ᠄
2025/3/5
  ︽ᠰᠦᠯᠵᠢᠶᠡᠨ ᠳᠡᠭᠡᠷ᠎ᠡ ᠠᠴᠠ ᠡᠮ ᠬᠤᠳᠠᠯᠳᠤᠨ ᠠᠪᠤᠪᠠᠯ ᠡᠮᠴᠢᠯᠡᠭᠡᠨ ᠤ ᠳᠠᠭᠠᠳᠬᠠᠯ ᠤᠨ ᠺᠠᠷᠲ ᠢ ᠵᠠᠷᠤᠵᠤ ᠴᠢᠳᠠᠬᠤ ᠪᠠᠷ ᠪᠠᠷᠠᠬᠤ ᠥᠬᠡᠶ᠂ ᠪᠠᠰᠠ ᠭᠡᠷ ᠲᠤ ᠬᠦᠷᠭᠡᠵᠦ ᠥᠭᠬᠦ  ᠨᠢ ᠦᠨᠡᠬᠡᠷ ᠳᠥᠭᠦᠮ ᠪᠣᠯᠪᠠ ︾ ᠭᠡᠵᠦ 3 ᠳ᠋ᠤᠭᠠᠷ ᠰᠠᠷ᠎ᠠ ᠶᠢᠨ 5 ᠤ ᠡᠳᠦᠷ᠂ ᠬᠥᠬᠡᠬᠤᠲᠠ ᠶᠢᠨ ᠰᠠᠶᠢᠬᠠᠨ ᠲᠣᠭᠤᠷᠢᠭ ᠲᠤ ᠰᠠᠭᠤᠭ᠎ᠠ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠯᠢᠦ ᠢᠦᠢ ᠬᠠᠢ ᠬᠡᠯᠡᠨ᠎ᠡ ᠃  ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮ ᠬᠤᠳᠠᠯᠳᠤᠨ ᠠᠪᠬᠤ ᠪᠡᠶᠡᠴᠢ ᠣᠶᠢᠯᠠᠭᠠᠯᠲᠠ ᠶᠢ ᠰᠠᠶᠢᠵᠢᠷᠠᠭᠤᠯᠬᠤ ᠶᠢᠨ ᠲᠤᠰᠠᠳᠠ ᠂ ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠮᠴᠢᠯᠡᠭᠡᠨ ᠤ ᠳᠠᠭᠠᠳᠬᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠭᠰᠠᠨ ᠡᠮ ᠬᠤᠳᠠᠯᠳᠤᠨ ᠠᠪᠬᠤ ᠦᠢᠯᠡᠴᠢᠯᠡᠭᠡ ᠶᠢ ᠰᠢᠨ᠎ᠡ ᠪᠠᠷ ᠡᠭᠦᠳᠴᠦ᠂ ᠲᠣᠭᠠᠵᠢᠭᠤᠯᠤᠭᠰᠠᠨ ᠥᠭᠡᠷᠡᠴᠢᠯᠡᠯᠲᠡ ᠪᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ ︾ ᠢ ᠨᠡᠪᠲᠡᠷᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ︽ᠰᠦᠯᠵᠢᠶᠡᠨ ᠳᠡᠭᠡᠷ᠎ᠡ ᠦᠨ᠎ᠡ ᠶᠢ ᠠᠳᠠᠯᠢᠳᠬᠠᠬᠤ — ᠰᠦᠯᠵᠢᠶᠡᠨ ᠳᠡᠭᠡᠷ᠎ᠡ ᠵᠠᠬᠢᠶᠠᠯᠠᠬᠤ — ᠡᠮᠴᠢᠯᠡᠭᠡᠨ ᠤ ᠳᠠᠭᠠᠳᠬᠠᠯ ᠢᠶᠠᠷ ᠳ᠋ᠦᠩᠨᠡᠨ ᠪᠤᠳᠤᠬᠤ — ᠴᠠᠭ ᠲᠤᠬᠠᠶ ᠳᠤ ᠨᠢ ᠳᠣᠭᠢᠷᠠᠭᠤᠯᠤᠨ ᠬᠦᠷᠭᠡᠬᠦ︾ ᠪᠥᠬᠦ ᠶᠠᠪᠤᠴᠠ ᠶᠢᠨ ᠣᠶᠣᠨᠴᠢᠯᠠᠭᠰᠠᠨ ᠡᠮ ᠬᠤᠳᠠᠯᠳᠤᠨ ᠠᠪᠬᠤ ᠪᠡᠶᠡᠴᠢ ᠣᠶᠢᠯᠠᠭᠠᠯᠲᠠ ᠶᠢ ᠪᠡᠶᠡᠯᠡᠭᠦᠯᠵᠦ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠪᠣᠶ ᠪᠣᠯᠭᠠᠪᠠ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠡᠮ ᠡᠮᠨᠡᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠯᠢᠶᠠᠩ ᠶᠦᠩ ᠢᠯᠡᠷᠬᠡᠶᠢᠯᠡᠬᠦ ᠳᠤ ᠪᠠᠨ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠵᠢᠩ ᠳ᠋ᠦᠩ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ ᠳᠤ ᠨᠡᠪᠲᠡᠷᠡᠵᠦ ᠂ ᠡᠮᠴᠢᠯᠡᠭᠡᠨ ᠤ ᠳᠠᠭᠠᠳᠬᠠᠯ ᠤᠨ ᠡᠮ ᠬᠤᠳᠠᠯᠳᠤᠨ ᠠᠪᠬᠤ ᠲᠤᠰᠬᠠᠶ ᠲᠤᠭᠤᠷᠢᠭ ᠲᠤ ᠣᠷᠣᠵᠤ᠂ ᠬᠤᠳᠠᠯᠳᠤᠨ ᠠᠪᠬᠤ ᠡᠮ ᠤᠨ ᠵᠦᠢᠯ ᠤᠨ ᠨᠡᠷᠡᠶᠢᠳᠦᠯ ᠢᠶᠠᠨ ᠣᠷᠤᠭᠤᠯᠪᠠᠯ ᠲᠣᠰ ᠡᠮ ᠤᠨ ᠵᠦᠢᠯ ᠢ ᠨᠢᠭᠡᠨᠲᠡ ᠵᠠᠯᠭᠠᠨ ᠣᠷᠣᠭᠤᠯᠤᠭᠰᠠᠨ ᠡᠯ᠎ᠡ ᠲᠣᠭᠲᠠᠭᠰᠠᠨ ᠴᠡᠭ ᠤᠨ ᠡᠮ ᠤᠨ ᠳᠡᠯᠭᠡᠭᠦᠷ ᠲᠤ ᠲᠤᠰ ᠡᠮ ᠤᠨ ᠵᠦᠢᠯ ᠤᠨ ᠬᠤᠳᠠᠯᠳᠤᠵᠤ ᠪᠠᠶᠢᠭ᠎ᠠ ᠦᠨ᠎ᠡ ᠶᠢ ᠲᠠᠪᠴᠠᠩ ᠠᠴᠠ ᠳᠡᠯᠭᠡᠨ ᠦᠵᠡᠭᠦᠯᠵᠦ᠂ ᠲᠣᠰ ᠬᠤᠲᠠ ᠶᠢᠨ ᠠᠳᠠᠯᠢ ᠪᠦᠲᠦᠭᠡᠭᠳᠡᠬᠦᠨ ᠤ ᠦᠨ᠎ᠡ ᠶᠢᠨ ᠬᠥᠨᠳᠡᠯᠡᠨ ᠴᠢᠭᠯᠡᠯ ᠢᠶᠠᠷ ᠬᠠᠷᠢᠴᠠᠭᠤᠯᠬᠤ ᠶᠢ ᠳᠡᠮᠵᠢᠨ᠎ᠡ ᠃ ᠡᠭᠦᠨ ᠤ ᠳᠠᠷᠠᠭ᠎ᠠ᠂ ᠡᠮ ᠬᠤᠳᠠᠯᠳᠤᠨ ᠠᠪᠤᠭᠴᠢ ᠬᠥᠬᠡ ᠥᠩᠭᠡ ᠲᠠᠢ ︽ᠡᠮᠴᠢᠯᠡᠭᠡᠨ ᠤ ᠳᠠᠭᠠᠳᠬᠠᠯ︾ ᠤᠨ ᠲᠡᠮᠳᠡᠭ ᠪᠥᠬᠦᠶ ᠵᠣᠷ ᠤᠨ ᠪᠤᠰᠤ ᠡᠮ ᠤᠨ ᠵᠦᠢᠯ ᠢ ᠰᠣᠩᠭᠤᠨ᠎ᠠ ᠂ ᠵᠠᠬᠢᠶᠠᠯᠠᠭ᠎ᠠ ᠪᠠᠨ ᠲᠤᠰᠢᠶᠠᠭᠰᠠᠨ ᠤ ᠳᠠᠷᠠᠭ᠎ᠠ ︽ᠡᠮᠴᠢᠯᠡᠭᠡᠨ ᠤ ᠳᠠᠭᠠᠳᠬᠠᠯ ᠤᠨ ᠰᠢᠯᠵᠢᠮᠡᠯ ᠲᠣᠭᠠᠴᠠᠭ᠎ᠠ ᠬᠢᠬᠦ︾ ᠴᠢᠳᠠᠮᠵᠢ ᠶᠢ ᠠᠰᠢᠭᠯᠠᠪᠠᠯ ᠂ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠰᠦᠯᠵᠢᠶᠡᠨ ᠳᠡᠭᠡᠷ᠎ᠡ ᠠᠴᠠ ᠡᠮ ᠬᠤᠳᠠᠯᠳᠤᠨ ᠠᠪᠬᠤ ᠪᠥᠬᠦ ᠶᠠᠪᠤᠴᠠ ᠶᠢᠨ ᠦᠢᠯᠡᠴᠢᠯᠡᠭᠡ ᠶᠢ ᠭᠦᠢᠴᠡᠳᠬᠡᠵᠦ ᠪᠣᠯᠤᠨ᠎ᠠ᠂ ᠡᠮ ᠤᠨ ᠵᠦᠢᠯ ᠢ ᠰᠢᠭᠤᠳ ᠬᠡᠷ ᠲᠤ ᠨᠢ ᠬᠦᠷᠭᠡᠵᠦ᠂ ︽ᠬᠤᠷᠤᠭᠤᠨ ᠦᠵᠦᠭᠦᠷ ᠢᠶᠠᠷ ᠡᠮ ᠬᠤᠳᠠᠯᠳᠤᠨ ᠠᠪᠬᠤ᠂ ᠡᠮᠴᠢᠯᠡᠭᠡᠨ ᠤ ᠳᠠᠭᠠᠳᠬᠠᠯ ᠢᠶᠠᠷ ᠲᠣᠭᠠᠴᠠᠭ᠎ᠠ ᠬᠢᠬᠦ᠂ ᠰᠠᠭᠤᠭᠠᠳ ᠡᠮ ᠬᠦᠷᠭᠡᠬᠦ ᠶᠢ ᠬᠦᠯᠢᠶᠡᠬᠦ︾ ᠳᠥᠭᠦᠮ ᠳᠥᠲᠡ ᠦᠢᠯᠡᠴᠢᠯᠡᠭᠡ ᠶᠢ ᠦᠨᠡᠨ ᠬᠦ ᠪᠡᠶᠡᠯᠡᠭᠦᠯᠵᠦ ᠪᠣᠯᠣᠨ᠎ᠠ ᠭᠡᠵᠡᠢ ᠃  ᠣᠳᠣᠬᠠᠨ ᠳᠤ᠂ ᠬᠥᠬᠡᠬᠤᠲᠠ᠂ ᠪᠤᠭᠤᠲᠤ ᠬᠤᠲᠠ᠂ ᠬᠢᠩᠭᠠᠨ ᠠᠶᠢᠮᠠᠭ ᠤᠨ 380 ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠰᠦᠯᠵᠢᠶᠡᠨ ᠳᠡᠭᠡᠷᠡᠬᠢ ᠡᠮᠴᠢᠯᠡᠭᠡᠨ ᠤ ᠳᠠᠭᠠᠳᠬᠠᠯ ᠢᠶᠠᠷ ᠡᠮ ᠬᠤᠳᠠᠯᠳᠤᠨ ᠠᠪᠬᠤ ᠦᠢᠯᠡᠴᠢᠯᠡᠭᠡ ᠶᠢ ᠨᠡᠪᠲᠡᠷᠡᠭᠦᠯᠵᠦ᠂ ᠵᠢᠩ ᠳ᠋ᠦᠩ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ ᠢ ᠬᠠᠮᠤᠷᠪᠠ ᠂ ᠪᠤᠰᠤᠳ ᠠᠶᠢᠮᠠᠭ ᠬᠤᠲᠠ ᠵᠢᠴᠢ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠴᠤ ᠵᠠᠯᠭᠠᠭ᠎ᠠ ᠪᠠᠷ ᠨᠡᠭᠡᠭᠡᠵᠦ ᠵᠠᠯᠭᠠᠨ ᠣᠷᠤᠭᠤᠯᠵᠤ ᠪᠣᠢ ᠃ ᠲᠣᠰ ᠦᠢᠯᠡᠴᠢᠯᠡᠭᠡ ᠶᠢ ᠨᠡᠪᠲᠡᠷᠡᠭᠦᠯᠦᠭᠰᠡᠨ ᠠᠴᠠ ᠨᠠᠭᠠᠰᠢ ᠂ ᠨᠡᠶᠢᠲᠡ 9403 ᠬᠤᠪᠢ ᠵᠠᠬᠢᠶᠠᠯᠠᠭ᠎ᠠ ᠶᠢ ᠭᠦᠢᠴᠡᠳᠬᠡᠵᠦ ᠂ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠳ᠋ᠦᠩᠨᠡᠨ ᠪᠤᠳᠤᠭᠰᠠᠨ ᠵᠣᠭᠤᠰ ᠤᠨ ᠲᠤᠭ᠎ᠠ 26.72 ᠲᠦᠮᠡᠨ ᠲᠥᠭᠦᠷᠢᠭ ᠲᠤ ᠬᠦᠷᠴᠡᠶ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠡᠮ ᠡᠮᠨᠡᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠷᠧᠨ ᠸᠧᠨ ᠬᠤᠤ                 ᠢᠯᠡᠷᠬᠡᠶᠢᠯᠡᠬᠦ ᠳᠤ ᠪᠠᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠭᠰᠠᠨ ᠠᠷᠠᠳ ᠲᠤ ᠲᠥᠬᠦᠮ ᠦᠵᠡᠭᠦᠯᠬᠦ ᠡᠮ ᠬᠤᠳᠠᠯᠳᠤᠨ ᠠᠪᠬᠤ ᠦᠢᠯᠡᠴᠢᠯᠡᠭᠡᠨ ᠤ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠂ ︽ᠢᠨᠲ᠋ᠧᠷ ᠰᠦᠯᠵᠢᠶ᠎ᠡ + ︾ ᠡᠮᠴᠢᠯᠡᠭᠡᠨ ᠤ ᠳᠠᠭᠠᠳᠬᠠᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠣᠯᠠᠨ ᠲᠦᠮᠡᠨ ᠤ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠡᠯᠧᠺᠲᠷᠣᠨ ᠵᠣᠷ ᠪᠢᠴᠢᠵᠦ ᠥᠭᠬᠦ᠂ ᠰᠦᠯᠵᠢᠶᠡᠨ ᠳᠡᠭᠡᠷ᠎ᠡ ᠡᠮᠴᠢᠯᠡᠭᠡᠨ ᠤ ᠳᠠᠭᠠᠳᠬᠠᠯ ᠢᠶᠠᠷ ᠳ᠋ᠦᠩᠨᠡᠨ ᠪᠤᠳᠤᠬᠤ ᠳᠤ ᠲᠥᠬᠦᠮ ᠦᠵᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ         ᠭᠡᠵᠡᠶ᠃ 
 
ᠢᠷᠡᠯᠲᠡ᠄ ᠲᠠᠯ᠎ᠠ ᠨᠤᠲᠤᠭ ᠤᠨ ᠡᠭᠦᠯᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号