3 ᠳ᠋ᠤᠭᠠᠷ ᠰᠠᠷ᠎ᠠ ᠶᠢᠨ 5 ᠤ ᠡᠳᠦᠷ ᠂ ᠶᠡᠷᠦᠩᠬᠡᠢ ᠰᠠᠶᠢᠳ ᠯᠢ ᠴᠢᠶᠠᠩ ᠠᠷᠪᠠᠨ ᠳᠥᠷᠪᠡᠳᠦᠭᠡᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠬᠢᠪᠡ ᠂ ᠭᠤᠣᠯ ᠪᠣᠯᠬᠤ ᠵᠦᠢᠯᠡᠰ ᠨᠢ ᠳᠣᠣᠷᠠᠬᠢ ᠮᠡᠲᠦ ᠄ | ᠨᠢᠭᠡ ᠂ 2024 ᠣᠨ ᠤ ᠠᠵᠢᠯ ᠤᠨ ᠡᠷᠭᠢᠴᠡᠭᠦᠯᠦᠯ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ 5% ᠪᠠᠷ ᠨᠡᠮᠡᠭᠳᠡᠪᠡ | ᠠᠮᠤ ᠪᠤᠳᠠᠭᠠᠨ ᠤ ᠤᠨᠠᠯᠲᠠ 1.4 ᠲᠦᠮᠡᠨ ᠳ᠋ᠦᠩᠰᠢᠭᠤᠷ ᠵᠢᠩ ᠤᠨ ᠰᠢᠨ᠎ᠡ ᠳᠡᠭᠲᠡᠷ ᠲᠤ ᠠᠩᠬ᠎ᠠ ᠤᠳᠠᠭ᠎ᠠ ᠭᠠᠷᠪᠠ | ᠬᠤᠲᠠ ᠪᠠᠯᠭᠠᠰᠤᠨ ᠤ 1256 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠪᠠ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠯ ᠤᠨ ᠭᠠᠷᠤᠯᠲᠠ 1300 ᠲᠦᠮᠡ ᠶᠢ ᠳᠠᠪᠠᠪᠠ | ᠬᠤᠶᠠᠷ ᠂ ᠡᠨᠡ ᠵᠢᠯ ᠤᠨ ᠵᠢᠱᠢᠭᠰᠡᠨ ᠭᠤᠣᠯ ᠬᠠᠷᠠᠯᠲᠠ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 5% ᠣᠷᠴᠢᠮ ᠢᠶᠠᠷ ᠨᠡᠮᠡᠭᠳᠡᠭᠦᠯᠦᠨ᠎ᠡ | ᠬᠤᠲᠠ ᠪᠠᠯᠭᠠᠰᠤᠨ ᠤ 1200 ᠭᠠᠷᠤᠢ ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠨ᠎ᠠ | ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠨ᠎ᠠ | ᠠᠮᠤ ᠪᠤᠳᠠᠭᠠᠨ ᠤ ᠤᠨᠠᠯᠲᠠ ᠶᠢ 1.4 ᠲᠦᠮᠡᠨ ᠳ᠋ᠦᠩᠰᠢᠭᠤᠷ ᠵᠢᠩ ᠣᠷᠴᠢᠮ ᠪᠣᠯᠭᠠᠨ᠎ᠠ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠢᠭᠡᠴᠢ ᠡᠨᠧᠷᠭᠢ ᠶᠢᠨ ᠬᠤᠷᠣᠭᠳᠠᠯ ᠢ | 3% ᠣᠷᠴᠢᠮ ᠢᠶᠠᠷ ᠪᠠᠭᠤᠷᠠᠭᠤᠯᠤᠨ᠎ᠠ | ᠭᠤᠷᠪᠠ ᠂ ᠡᠨᠡ ᠵᠢᠯ ᠤᠨ ᠬᠡᠰᠡᠭ ᠭᠤᠣᠯᠳᠠᠯᠭ᠎ᠠ ᠲᠠᠢ ᠠᠵᠢᠯ | ᠡᠳ᠋ ᠤᠨ ᠵᠠᠰᠠᠭ᠄ ᠤᠯᠠᠭᠠᠨ ᠲᠣᠭᠠᠨ ᠤ ᠨᠤᠷᠮ᠎ᠠ ᠶᠢ 4% ᠣᠷᠴᠢᠮ ᠢᠶᠠᠷ ᠲᠣᠬᠢᠷᠠᠭᠤᠯᠵᠤ ᠂ ᠤᠯᠠᠭᠠᠨ ᠲᠣᠭᠠᠨ ᠤ | ᠬᠡᠪᠴᠢᠶ᠎ᠡ ᠶᠢ ᠲᠦᠷᠦᠭᠦᠦ ᠵᠢᠯ ᠤᠨ ᠬᠢ ᠠᠴᠠ 1.6 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ | ᠪᠠᠶᠢᠨ᠎ᠠ | ᠵᠠᠰᠠᠭ ᠤᠨ ᠣᠷᠳᠣᠨ ᠤ ᠪᠡᠯᠡ ᠣᠷᠣᠭᠤᠯᠤᠯᠲᠠ᠄ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢ 4.4 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ ᠂ ᠲᠦᠷᠦᠭᠦᠦ ᠵᠢᠯ ᠤᠨ ᠬᠢ ᠠᠴᠠ | 5000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ ᠃ ᠵᠠᠰᠠᠭ ᠤᠨ ᠣᠷᠳᠣᠨ ᠤ ᠥᠷᠢ | ᠥᠭᠴᠡᠭᠡᠨ ᠤ ᠶᠡᠷᠦᠩᠬᠡᠢ ᠬᠡᠪᠴᠢᠶᠡᠵᠢᠯ ᠢ ᠨᠡᠶᠢᠲᠡ 11.86 ᠲᠦᠮᠡᠨ ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ ᠂ | ᠲᠦᠷᠦᠭᠦᠦ ᠵᠢᠯ ᠤᠨ ᠬᠢ ᠠᠴᠠ 2.9 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ | ᠤᠯᠤᠰ ᠤᠨ ᠣᠨᠴᠠᠭᠠᠢ ᠵᠢᠭᠡᠯᠡᠯᠭᠡ᠄ ᠤᠯᠤᠰ ᠤᠨ ᠬᠡᠳᠦ ᠤᠷᠳᠤ ᠬᠤᠭᠤᠴᠠᠭᠠᠲᠤ ᠣᠨᠴᠠᠭᠠᠢ ᠵᠢᠭᠡᠯᠡᠯᠭᠡ ᠶᠢ 1.3 | ᠲᠦᠮᠡᠨ ᠳ᠋ᠦᠩᠰᠢᠭᠤᠷ ᠲᠥᠭᠦᠷᠢᠭ ᠲᠠᠷᠬᠠᠭᠠᠵᠤ ᠂ ᠲᠦᠷᠦᠭᠦᠦ ᠵᠢᠯ ᠤᠨ ᠬᠢ ᠠᠴᠠ 3000 ᠳ᠋ᠦᠩᠰᠢᠭᠤᠷ ᠲᠥᠭᠦᠷᠢᠭ | ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ ᠃ ᠤᠯᠤᠰ ᠤᠨ ᠣᠨᠴᠠᠭᠠᠶ ᠵᠢᠭᠡᠯᠡᠯᠭᠡ ᠶᠢ 5000 ᠳ᠋ᠦᠩᠰᠢᠭᠤᠷ ᠲᠥᠭᠦᠷᠢᠭ | ᠲᠠᠷᠬᠠᠭᠠᠬᠤ ᠪᠠᠷ ᠲᠥᠯᠥᠪᠯᠡᠵᠦ ᠪᠠᠶᠢᠨ᠎ᠠ | ᠬᠡᠷᠡᠭᠯᠡᠭᠡ᠄ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ ᠃ ᠤᠯᠤᠰ ᠤᠨ ᠬᠡᠳᠦ ᠣᠷᠳᠣ | ᠬᠤᠭᠤᠴᠠᠭᠠᠲᠤ ᠣᠨᠴᠠᠭᠠᠢ ᠵᠢᠭᠡᠯᠡᠯᠭᠡ ᠶᠢ 3000 ᠳ᠋ᠦᠩᠰᠢᠭᠤᠷ ᠲᠥᠭᠦᠷᠢᠭ ᠲᠣᠬᠢᠷᠠᠭᠤᠯᠵᠤ ᠬᠡᠷᠡᠭᠯᠡᠭᠡ ᠶᠢᠨ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠨ᠎ᠡ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ᠄ ᠬᠤᠳᠠᠯᠳᠤᠭᠠᠨ ᠤ ᠰᠠᠨᠰᠠᠷ ᠠᠶᠠᠯᠠᠯ ᠂ ᠳᠣᠣᠷ᠎ᠠ ᠠᠭᠠᠷ ᠤᠨ | ᠠᠵᠤ ᠠᠬᠤᠢ ᠵᠡᠷᠭᠡ ᠰᠢᠨ᠎ᠡ ᠪᠠᠷ ᠡᠭᠦᠰᠦᠭᠰᠡᠨ ᠠᠵᠤ ᠦᠢᠯᠡᠰ ᠤᠨ ᠠᠮᠤᠷ ᠲᠦᠪᠰᠢᠨ ᠡᠷᠡᠭᠦᠯ ᠬᠥᠭᠵᠢᠯᠲᠡ ᠶᠢ | ᠠᠬᠢᠭᠤᠯᠤᠨ᠎ᠠ ᠃ ᠠᠮᠢᠳᠤ ᠪᠣᠳᠠᠰ ᠤᠨ ᠦᠢᠯᠡᠳᠬᠡᠯ ᠂ ᠺᠸᠠᠨ᠋ᠲ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠪᠡᠶᠡᠲᠦ ᠤᠶᠤᠨ ᠂ | 6G ᠵᠡᠷᠭᠡ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠤᠨ᠎ᠠ ᠃ ᠦᠢᠯᠡᠳᠬᠡᠯ ᠤᠨ ᠦᠢᠯᠡᠰ ᠢ ᠳ᠋ᠢᠭᠢᠲᠴᠢᠯᠡᠨ | ᠬᠡᠯᠪᠡᠷᠢ ᠪᠠᠨ ᠬᠤᠪᠢᠷᠠᠭᠤᠯᠬᠤ ᠶᠢ ᠨᠢ ᠲᠦᠷᠭᠡᠳᠬᠡᠨ᠎ᠡ ᠃ ᠣᠶᠤᠨᠴᠢ ᠰᠦᠯᠵᠢᠶᠡᠲᠦ ᠰᠢᠨ᠎ᠡ ᠡᠨᠧᠷᠭᠢ ᠶᠢᠨ ᠮᠠᠰᠢᠨ ᠲᠡᠷᠭᠡ ᠂ | ᠣᠶᠤᠨᠴᠢ ᠭᠠᠷ ᠤᠲᠠᠰᠤ ᠪᠠ ᠺᠣᠮᠫᠢᠦ᠋ᠲ᠋ᠧᠷ ᠂ ᠣᠶᠤᠨᠴᠢ ᠮᠠᠰᠢᠨ ᠬᠥᠮᠥᠨ ᠵᠡᠷᠭᠡ ᠰᠢᠨ᠎ᠡ ᠨᠢᠭᠡ ᠦᠶ᠎ᠡ ᠶᠢᠨ ᠣᠶᠤᠨᠴᠢ | ᠦᠵᠦᠭᠦᠷ ᠵᠢᠴᠢ ᠣᠶᠤᠨᠴᠢ ᠦᠢᠯᠡᠳᠬᠡᠯ ᠲᠣᠨᠣᠭᠯᠠᠯ ᠢ ᠶᠡᠭᠡ ᠪᠠᠷ ᠬᠥᠭᠵᠢᠭᠦᠯᠦᠨ᠎ᠡ | ᠰᠤᠷᠭᠠᠨ ᠬᠥᠮᠦᠵᠢᠯ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠠᠬᠢ ᠰᠤᠷᠭᠠᠨ ᠬᠥᠮᠦᠵᠢᠯ ᠤᠨ | ᠰᠤᠷᠤᠯᠭ᠎ᠠ ᠶᠢᠨ ᠣᠷᠣ ᠶᠢᠨ ᠬᠠᠩᠭᠠᠯᠭ᠎ᠠ ᠶᠢ ᠥᠷᠭᠡᠳᠬᠡᠵᠦ ᠂ ᠰᠦᠢᠳᠬᠡᠯ ᠦᠯᠦ | ᠬᠤᠷᠢᠶᠠᠬᠤ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠢ ᠢᠳᠡᠭ ᠢᠳᠡᠭ ᠢᠶᠠᠷ | ᠳᠡᠯᠭᠡᠷᠡᠭᠦᠯᠦᠨ᠎ᠡ | ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠄ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠣᠭᠤᠰ ᠤᠨ ᠠᠰᠠᠭᠤᠳᠠᠯ ᠢ | ᠰᠢᠢᠳᠪᠦᠷᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠎ᠠ ᠃ ᠠᠵᠤ ᠠᠬᠤᠶᠢᠯᠠᠯ ᠳᠤ | ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠥᠷᠨᠢᠭᠦᠯᠦᠨ᠎ᠡ | ᠨᠡᠭᠡᠭᠡᠯᠲᠡ᠄ ᠢᠨᠲ᠋ᠧᠷ ᠰᠦᠯᠵᠢᠶ᠎ᠡ ᠂ ᠰᠣᠶᠣᠯ ᠵᠡᠷᠭᠡ ᠬᠦᠷᠢᠶᠡᠨ ᠳᠠᠬᠢ ᠡᠮᠬᠢ ᠵᠢᠷᠤᠮ ᠲᠠᠢ ᠨᠡᠭᠡᠭᠡᠯᠲᠡ ᠶᠢ ᠠᠬᠢᠭᠤᠯᠵᠤ ᠂ | ᠴᠠᠬᠢᠯᠭᠠᠨ ᠬᠤᠯᠪᠣᠭ᠎ᠠ ᠂ ᠡᠮᠴᠢᠯᠡᠭᠡ ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠨᠡᠭᠡᠭᠡᠯᠲᠡ ᠶᠢᠨ ᠲᠤᠷᠰᠢᠯᠲᠠ ᠶᠢᠨ | ᠴᠡᠭ ᠢ ᠥᠷᠭᠡᠳᠬᠡᠨ᠎ᠡ | ᠣᠷᠣᠨ ᠰᠠᠭᠤᠴᠠ᠄ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ | ᠪᠠᠭᠤᠷᠠᠯᠲᠠ ᠶᠢ ᠵᠣᠭᠰᠣᠭᠠᠨ ᠲᠣᠭᠲᠠᠪᠤᠷᠢᠵᠢᠭᠤᠯᠬᠤ ᠲᠡᠶᠢᠰᠢ ᠦᠷᠭᠦᠯᠵᠢᠯᠡᠨ ᠬᠦᠴᠦᠯᠡᠨ ᠠᠬᠢᠭᠤᠯᠤᠨ᠎ᠠ ᠃ ᠬᠤᠳᠠ ᠶᠢᠨ | ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠬᠦᠴᠦᠯᠡᠨ | ᠬᠡᠷᠡᠭᠵᠢᠭᠦᠯᠦᠨ᠎ᠡ ᠃ ᠦᠯᠡᠳᠡᠭᠡᠯ ᠲᠠᠸᠠᠷ ᠤᠨ ᠭᠡᠷ ᠪᠠᠶᠢᠰᠢᠩ ᠬᠤᠳᠠᠯᠳᠤᠨ ᠠᠪᠬᠤ ᠶᠢ ᠠᠬᠢᠭᠤᠯᠤᠨ᠎ᠠ ᠃ ᠪᠠᠲᠤᠯᠠᠨ | ᠲᠤᠰᠢᠶᠠᠬᠤ ᠭᠡᠷ ᠪᠠᠶᠢᠰᠢᠩ ᠤᠨ ᠠᠵᠢᠯ ᠢ ᠦᠷᠭᠦᠯᠵᠢᠯᠡᠨ ᠰᠠᠶᠢᠲᠤᠷ ᠬᠢᠨ᠎ᠡ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠄ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ ᠃ ᠲᠥᠪ ᠤᠨ ᠨᠢᠭᠡᠳᠦᠯᠲᠡᠢ ᠲᠥᠯᠥᠪᠯᠡᠭᠰᠡᠨ ᠠᠮᠤ ᠪᠤᠳᠠᠭᠠᠨ ᠤ ᠦᠢᠯᠡᠳᠪᠦᠷᠢᠯᠡᠯ | ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠬᠢ ᠬᠥᠨᠳᠡᠯᠡᠨ ᠴᠢᠭᠯᠡᠯ ᠢᠶᠠᠷ ᠠᠰᠢᠭ ᠲᠤᠰᠠ ᠶᠢ | ᠨᠥᠬᠦᠪᠦᠷᠢᠯᠡᠭᠦᠯᠬᠦ ᠶᠢ ᠡᠬᠢᠯᠡᠭᠦᠯᠵᠦ ᠂ ᠠᠮᠤ ᠪᠤᠳᠠᠭᠠᠨ ᠤ ᠤᠨᠠᠯᠲᠠ ᠶᠡᠬᠡᠲᠡᠢ ᠰᠢᠶᠠᠨ ᠳᠤ ᠦᠵᠡᠭᠦᠯᠬᠦ ᠳᠡᠮᠵᠢᠯᠭᠡ ᠪᠠᠨ | ᠨᠡᠮᠡᠭᠳᠡᠭᠦᠯᠦᠨ᠎ᠡ ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ | ᠬᠤᠲᠠ ᠪᠠᠯᠭᠠᠰᠤᠵᠢᠯᠲᠠ᠄ ᠨᠥᠬᠦᠴᠡᠯ ᠳᠤ ᠨᠡᠶᠢᠴᠡᠬᠦ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠣᠷᠣᠨ | ᠰᠠᠭᠤᠴᠠ ᠶᠢᠨ ᠪᠠᠲᠤᠯᠠᠭ᠎ᠠ ᠶᠢᠨ ᠲᠣᠭᠲᠠᠯᠴᠠᠭᠠᠨ ᠳᠤ ᠣᠷᠣᠭᠤᠯᠬᠤ ᠶᠢ ᠠᠬᠢᠭᠤᠯᠤᠨ᠎ᠠ ᠃ ᠬᠤᠲᠠ ᠶᠢᠨ ᠰᠢᠨᠡᠴᠢᠯᠡᠯᠲᠡ ᠪᠠ | ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠦᠷᠭᠦᠯᠵᠢᠯᠡᠨ ᠠᠬᠢᠭᠤᠯᠤᠨ᠎ᠠ | ᠠᠮᠢ ᠠᠬᠤᠢ᠄ ᠪᠣᠬᠢᠷᠲᠤᠯ ᠦᠭᠡᠢ ᠬᠡᠷᠡᠭᠯᠡᠭᠡ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ ᠂ ᠪᠣᠬᠢᠷᠲᠤᠯ | ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠪᠦᠷᠢᠯᠳᠦᠭᠦᠯᠬᠦ ᠶᠢ ᠠᠬᠢᠭᠤᠯᠤᠨ᠎ᠠ | ᠠᠵᠢᠯ ᠣᠯᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠬᠤ ᠦᠢᠯᠡᠰ | ᠪᠣᠰᠬᠠᠬᠤ ᠠᠷᠭ᠎ᠠ ᠵᠠᠮ ᠢ ᠥᠷᠭᠡᠳᠬᠡᠨ᠎ᠡ ᠃ ᠠᠮᠢᠳᠤᠯᠢᠭ ᠢᠶᠠᠷ ᠠᠵᠢᠯ ᠣᠯᠬᠤ ᠪᠠ ᠠᠵᠢᠯ ᠣᠯᠭᠤᠯᠲᠠ ᠶᠢᠨ ᠰᠢᠨ᠎ᠡ | ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠎ᠠ ᠃ ᠤᠷ᠎ᠠ ᠮᠡᠷᠭᠡᠰᠢᠯᠳᠦ | ᠴᠢᠳᠠᠪᠤᠷᠢᠲᠠᠨ ᠤ ᠬᠠᠷᠠᠭᠠᠯᠵᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠡᠮᠴᠢᠯᠡᠭᠡ ᠡᠷᠡᠭᠦᠯ ᠬᠠᠮᠠᠭᠠᠯᠠᠯ᠄ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠵᠦ ᠂ ᠶᠠᠰᠤ ᠴᠢᠨᠠᠷ ᠢ ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠶᠢ ᠴᠢᠩᠭᠠᠷᠠᠭᠤᠯᠤᠨ᠎ᠠ ᠃ ᠰᠠᠭᠤᠭᠠᠯᠢ | ᠠᠷᠠᠳ ᠤᠨ ᠡᠮᠴᠢᠯᠡᠭᠡᠨ ᠤ ᠳᠠᠭᠠᠳᠬᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ | ᠵᠠᠷᠤᠳᠠᠯ ᠤᠨ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠳᠠᠬᠢᠨ | ᠲᠣᠰ ᠲᠣᠰ 30 ᠲᠥᠭᠦᠷᠢᠭ ᠪᠠ 5 ᠲᠥᠭᠦᠷᠢᠭ ᠳᠡᠭᠡᠭᠰᠢᠯᠡᠭᠦᠯᠦᠨ᠎ᠡ | ᠨᠡᠶᠢᠭᠡᠮ ᠤᠨ ᠪᠠᠲᠤᠯᠠᠭ᠎ᠠ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦᠨ ᠤ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠳᠠᠬᠢᠨ 20 ᠲᠥᠭᠦᠷᠢᠭ ᠳᠡᠭᠡᠭᠰᠢᠯᠡᠭᠦᠯᠦᠨ᠎ᠡ ᠃ | ᠦᠷᠡᠵᠢᠯ ᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ ᠂ ᠬᠡᠦᠬᠡᠳ ᠪᠣᠶᠢᠵᠢᠭᠤᠯᠬᠤ ᠨᠥᠬᠦᠪᠦᠷᠢ ᠣᠯᠭᠤᠨ᠎ᠠ | |