ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 10 ᠤ ᠴᠠᠭᠢᠯᠭᠠᠨ ᠮᠡᠳᠡᠭᠡ 5 ᠰᠠᠷ᠎ᠠ ᠶᠢᠨ 10 ᠤ ᠣᠷᠣᠢ ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ | ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ | ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠠᠵᠢᠯᠯᠠᠭ᠎ᠠ ᠪᠠᠨ ᠲᠡᠭᠦᠰ ᠠᠮᠵᠢᠯᠲᠠᠲᠠᠢ ᠲᠡᠭᠦᠰᠬᠡᠭᠡᠳ ᠪᠡᠭᠡᠵᠢᠩ ᠳᠤ | ᠪᠤᠴᠠᠵᠤ ᠢᠷᠡᠪᠡ ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠭᠠᠳᠠᠭᠠᠳᠤ ᠶᠠᠪᠤᠳᠠᠯ ᠤᠨ ᠶᠠᠮᠤᠨ ᠤ | ᠰᠠᠶᠢᠳ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠪᠤᠴᠠᠵᠤ ᠢᠷᠡᠵᠡᠢ ᠃ | |