ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 10 ᠤ ᠴᠠᠭᠢᠯᠭᠠᠨ ᠮᠡᠳᠡᠭᠡ ︵ ᠰᠤᠷᠪᠤᠯᠵᠢᠯᠠᠬᠴᠢ ᠬᠠᠨ | ᠮᠦᠸᠧ ᠵᠧᠩ ᠺᠠᠢ ᠵᠢᠶᠦ᠋ᠨ ︶ ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 10 ᠤ ᠦᠳᠡ ᠶᠢᠨ ᠡᠮᠦᠨ᠎ᠡ ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ | ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ | ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠠᠵᠢᠯᠯᠠᠭ᠎ᠠ ᠪᠠᠨ ᠲᠡᠭᠦᠰ ᠠᠮᠵᠢᠯᠲᠠᠲᠠᠢ ᠲᠡᠭᠦᠰᠬᠡᠭᠡᠳ ᠪᠡᠭᠡᠵᠢᠩ ᠵᠦᠭ | ᠪᠤᠴᠠᠪᠠ ᠃ | ᠮᠣᠰᠺᠸᠠ ᠠᠴᠠ ᠰᠠᠯᠬᠤ ᠦᠶ᠎ᠡ ᠳᠤ ᠣᠷᠣᠰ ᠤᠨ ᠳᠡᠳ᠋ ᠶᠡᠷᠦᠩᠬᠡᠢ ᠰᠠᠶᠢᠳ ᠴᠧᠷᠨᠧᠱᠧᠨᠺᠧ ᠵᠡᠷᠭᠡ ᠵᠠᠰᠠᠭ ᠤᠨ | ᠣᠷᠳᠣᠨ ᠤ ᠳᠡᠭᠡᠳᠦ ᠲᠤᠰᠢᠶᠠᠯᠲᠠᠳ ᠨᠢᠰᠬᠡᠯ ᠤᠨ ᠪᠠᠭᠤᠳᠠᠯ ᠳᠤ ᠬᠦᠷᠴᠦ ᠦᠳᠡᠨ ᠮᠣᠷᠳᠠᠭᠤᠯᠵᠠᠢ ᠃ | ᠤᠷᠤᠰ ᠤᠨ ᠬᠢᠨ ᠨᠢᠰᠬᠡᠯ ᠤᠨ ᠪᠠᠭᠤᠳᠠᠯ ᠳᠤ ᠰᠢ ᠶᠢᠨ ᠫᠢᠩ ᠢ ᠦᠳᠡᠬᠦ ᠶᠣᠰᠣᠯᠠᠯ ᠶᠠᠪᠤᠭᠤᠯᠪᠠ ᠃ ᠴᠡᠷᠢᠭ ᠤᠨ | ᠬᠥᠭᠵᠢᠮ ᠤᠨ ᠪᠦᠯᠭᠦᠮ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ ᠃ ᠰᠢ | ᠶᠢᠨ ᠫᠢᠩ ᠶᠣᠰᠣᠯᠠᠯ ᠤᠨ ᠠᠩᠭᠢ ᠶᠢ ᠰᠢᠯᠭᠠᠨ ᠦᠵᠡᠪᠡ ᠃ | ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠨᠢᠰᠦᠭᠰᠡᠨ ᠤ ᠳᠠᠷᠠᠭ᠎ᠠ ᠂ ᠤᠷᠤᠰ ᠤᠨ ᠠᠭᠠᠷ ᠤᠨ ᠴᠡᠷᠢᠭ ᠤᠨ | ᠪᠠᠶᠢᠯᠳᠤᠭᠠᠨ ᠤ ᠨᠢᠰᠬᠡᠯ ᠠᠭᠠᠷ ᠤᠨ ᠠᠶᠠᠯᠠᠯ ᠢ ᠬᠠᠮᠠᠭᠠᠯᠠᠪᠠ ᠃ | ᠨᠢᠰᠬᠡᠯ ᠤᠨ ᠪᠠᠭᠤᠳᠠᠯ ᠳᠤ ᠬᠦᠷᠬᠦ ᠵᠠᠮ ᠳᠤ ᠂ ᠲᠤᠬᠠᠢ ᠶᠢᠨ ᠭᠠᠵᠠᠷ ᠤᠨ ᠠᠷᠠᠳ ᠤᠯᠠᠨ ᠵᠢᠴᠢ ᠳᠤᠮᠳᠠᠳᠤ ᠶᠢᠨ | ᠪᠡᠯᠡᠳᠤ ᠠᠵᠤ ᠠᠬᠤᠶᠢᠯᠠᠯ ᠪᠣᠯᠣᠨ ᠭᠠᠳᠠᠭᠠᠳᠤ ᠳᠤ ᠰᠤᠷᠤᠯᠴᠠᠵᠥ ᠪᠠᠶᠢᠭ᠎ᠠ ᠰᠤᠷᠤᠬᠴᠢᠳ ᠤᠨ ᠲᠥᠯᠥᠭᠡᠯᠡᠭᠴᠢ ᠵᠠᠮ ᠤᠨ | ᠬᠤᠶᠠᠷ ᠬᠠᠵᠠᠭᠤ ᠪᠠᠷ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠵᠤ ᠂ ᠰᠢ ᠶᠢᠨ ᠫᠢᠩ ᠤᠨ | ᠤᠷᠤᠰ ᠲᠠᠬᠢ ᠠᠶᠢᠯᠴᠢᠯᠠᠯᠲᠠ ᠲᠡᠭᠦᠰ ᠠᠮᠵᠢᠯᠲᠠ ᠣᠯᠣᠭᠰᠠᠨ ᠳᠤ ᠬᠠᠯᠠᠭᠤᠨ ᠪᠠᠶᠠᠷ ᠬᠦᠷᠭᠡᠵᠡᠢ ᠃ | |