ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ ᠡᠳᠦᠷ ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠠᠨᠲ᠋ᠤᠨᠢ • ᠠᠯᠪᠠᠨᠢᠰ ᠲᠤ ᠴᠠᠭᠢᠯᠭᠠᠨ ᠴᠢᠮᠡᠭᠡ ᠶᠠᠪᠤᠭᠤᠯᠵᠤ ᠂ ᠲᠡᠭᠦᠨ ᠤ | ᠠᠦ᠋ᠰᠲᠷᠠᠯᠢᠶ᠎ᠠ ᠶᠢᠨ ᠬᠤᠯᠪᠣᠭᠠᠨ ᠤ ᠵᠠᠰᠠᠭ ᠤᠨ ᠣᠷᠳᠣᠨ ᠤ ᠶᠡᠷᠦᠩᠬᠡᠢ ᠰᠠᠶᠢᠳ ᠢᠶᠠᠷ ᠦᠷᠭᠦᠯᠵᠢᠯᠡᠨ ᠰᠣᠩᠭᠤᠭᠳᠠᠭᠰᠠᠨ ᠳᠤ | ᠪᠠᠶᠠᠷ ᠬᠦᠷᠭᠡᠪᠡ ᠃ | ᠰᠢ ᠶᠢᠨ ᠫᠢᠩ ᠂ ᠥᠩᠭᠡᠷᠡᠭᠰᠡᠨ 3 ᠵᠢᠯ ᠳᠤ ᠪᠢ ᠶᠡᠷᠦᠩᠬᠡᠢ ᠰᠠᠶᠢᠳ ᠠᠪᠤᠭᠠᠢ ᠲᠠᠢ ᠠᠭᠤᠯᠵᠠᠵᠤ ᠂ ᠳᠤᠮᠳᠠᠳᠤ | ᠠᠦ᠋ᠰᠲᠷᠠᠯᠢᠶ᠎ᠠ ᠶᠢᠨ ᠬᠠᠷᠢᠯᠴᠠᠭᠠᠨ ᠤ ᠬᠥᠭᠵᠢᠯᠲᠡ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠂ ᠪᠦᠭᠦ | ᠲᠠᠯ᠎ᠠ ᠶᠢᠨ ᠴᠢᠨᠠᠷᠲᠠᠢ ᠂ ᠴᠢᠭᠯᠡᠯ ᠤᠨ ᠴᠢᠨᠠᠷᠲᠠᠢ ᠠᠰᠠᠭᠤᠳᠠᠯ ᠤᠨ ᠲᠤᠬᠠᠢ ᠭᠦᠨᠵᠡᠭᠡᠢ ᠣᠯᠣᠯᠴᠠᠬᠤ ᠶᠢᠨ ᠬᠠᠮᠲᠤ ᠴᠢᠬᠤᠯᠠ | ᠬᠠᠮᠲᠤ ᠶᠢᠨ ᠲᠠᠨᠢᠯᠲᠠ ᠲᠠᠢ ᠪᠣᠯᠵᠤ ᠂ ᠬᠤᠶᠠᠷ ᠤᠯᠤᠰ ᠤᠨ ᠬᠠᠷᠢᠯᠴᠠᠭ᠎ᠠ ᠶᠢ ᠰᠠᠶᠢᠵᠢᠷᠠᠭᠤᠯᠬᠤ ᠪᠠ ᠬᠥᠭᠵᠢᠭᠦᠯᠬᠦ ᠳᠤ | ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠬᠠᠩᠭᠠᠵᠠᠢ ᠃ ᠳᠤᠮᠳᠠᠳᠤ ᠠᠦ᠋ᠰᠲᠷᠠᠯᠢᠶ᠎ᠠ ᠬᠤᠶᠠᠷ ᠲᠠᠯ᠎ᠠ ᠪᠠᠷ ᠢᠶᠠᠨ | ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠨᠢ ᠬᠤᠶᠠᠷ ᠤᠯᠤᠰ ᠤᠨ ᠬᠠᠮᠲᠤ ᠶᠢᠨ ᠬᠥᠭᠵᠢᠯᠲᠡ ᠶᠢ | ᠪᠡᠶᠡᠯᠡᠭᠦᠯᠬᠦ ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ ᠃ ᠪᠢ ᠳᠤᠷᠠᠲᠠᠶ᠎ᠠ ᠶᠡᠷᠦᠩᠬᠡᠢ ᠰᠠᠶᠢᠳ ᠠᠯᠪᠠᠨᠢᠰ ᠲᠠᠢ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ | ᠠᠦ᠋ᠰᠲᠷᠠᠯᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ | ᠬᠤᠯᠠ ᠠᠶᠠᠯᠠᠬᠤ ᠶᠢ ᠠᠬᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠦᠨ᠎ᠡ ᠭᠡᠵᠦ | ᠵᠢᠭᠠᠵᠤ ᠭᠠᠷᠭᠠᠪᠠ ᠃ | ᠲᠤᠰ ᠡᠳᠦᠷ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠠᠯᠪᠠᠨᠢᠰ ᠲᠤ ᠪᠠᠶᠠᠷ ᠤᠨ | ᠴᠠᠭᠢᠯᠭᠠᠨ ᠴᠢᠮᠡᠭᠡ ᠶᠠᠪᠤᠭᠤᠯᠵᠤ ᠂ ᠳᠤᠮᠳᠠᠳᠤ ᠤᠯᠤᠰ ᠳᠤᠷᠠᠲᠠᠶ᠎ᠠ ᠠᠦ᠋ᠰᠲᠷᠠᠯᠢᠶ᠎ᠠ ᠶᠢᠨ ᠰᠢᠨ᠎ᠡ ᠨᠢᠭᠡ ᠬᠤᠭᠤᠴᠠᠭᠠᠨ ᠤ | ᠵᠠᠰᠠᠭ ᠤᠨ ᠣᠷᠳᠣᠨ ᠲᠠᠢ ᠬᠠᠮᠲᠤ ᠪᠠᠷ ᠨᠡᠩ ᠪᠣᠯᠪᠠᠰᠤᠷᠠᠩᠭᠤᠢ ᠲᠣᠭᠲᠠᠭᠤᠨ ᠂ ᠨᠡᠩ ᠪᠠᠶᠠᠯᠢᠭ ᠦᠷ᠎ᠡ ᠪᠦᠲᠦᠭᠡᠯ ᠲᠠᠢ | ᠳᠤᠮᠳᠠᠳᠤ ᠠᠦ᠋ᠰᠲᠷᠠᠯᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ | ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ ᠃ | |