ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ | ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ ᠤᠯᠤᠰ ᠤᠨ ᠬᠤᠷᠠᠯ ᠤᠨ ᠲᠥᠪ ᠲᠤ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ | ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠭᠢᠯᠡᠯᠲᠡ ᠶᠢᠨ | ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ ᠰᠢ ᠶᠢᠨ ᠫᠢᠩ ᠂ ᠳᠤᠮᠳᠠᠳᠤ ᠤᠯᠤᠰ ᠤᠨ | ᠬᠢᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ ᠢ | ᠡᠬᠢᠯᠡᠭᠦᠯᠵᠦ ᠂ ᠬᠥᠭᠵᠢᠯᠲᠡ ᠮᠠᠨᠳᠤᠯᠲᠠ ᠶᠢ ᠬᠠᠮᠲᠤ ᠪᠠᠷ ᠰᠦᠪᠡᠭᠴᠢᠯᠡᠵᠦ ᠂ ᠳᠤᠮᠳᠠᠳᠤ ᠤᠯᠤᠰ — ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠭᠡᠵᠦ | ᠨᠡᠶᠢᠲᠡᠯᠡᠪᠡ ᠃ | | | | | | 5 ᠰᠠᠷ᠎ᠠ ᠶᠢᠨ 13 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ | ᠤᠯᠤᠰ ᠤᠨ ᠬᠤᠷᠠᠯ ᠤᠨ ᠲᠥᠪ ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ | ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ ︵ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ ︶ | ᠵᠤᠨ ᠤ ᠡᠬᠢ ᠪᠠᠷ ᠡᠬᠡ ᠪᠠᠶᠢᠭᠠᠯᠢ ᠠᠮᠢᠵᠢᠷᠠᠯ ᠤᠨ ᠬᠦᠴᠦᠨ ᠢᠶᠠᠷ ᠪᠢᠯᠬᠠᠨ᠎ᠠ ᠃ ᠤᠯᠤᠰ ᠤᠨ ᠬᠤᠷᠠᠯ ᠤᠨ ᠲᠥᠪ ᠲᠤ | ᠳᠤᠮᠳᠠᠳᠤ ᠤᠯᠤᠰ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠤᠯᠤᠰ ᠤᠨ ᠲᠤᠭ ᠵᠢᠴᠢ ᠬᠤᠯᠪᠣᠭᠳᠠᠯ | ᠪᠦᠬᠦᠢ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ ᠃ | ᠰᠢ ᠶᠢᠨ ᠫᠢᠩ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ | ᠲᠡᠷᠢᠭᠦᠯᠡᠭᠴᠢ ᠤᠯᠤᠰ ᠪᠤᠯᠬᠤ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋ ᠂ ᠪᠷᠠᠽᠢᠯ ᠤᠨ ᠶᠡᠷᠦᠩᠬᠡᠶᠢᠯᠡᠭᠴᠢ ᠯᠦᠯᠠ ᠂ | ᠴᠢᠯᠢ ᠶᠢᠨ ᠶᠡᠷᠦᠩᠬᠡᠶᠢᠯᠡᠭᠴᠢ ᠪᠦᠧᠧᠯᠢᠴᠢ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠵᠢᠴᠢ ᠭᠠᠵᠠᠷ ᠣᠷᠣᠨ ᠤ | ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠲᠠᠢ ᠳᠣᠲᠣᠨᠣ ᠪᠠᠷ ᠭᠠᠷ ᠠᠳᠬᠤᠭᠰᠠᠨ | ᠪᠥᠭᠡᠳ ᠬᠠᠮᠲᠤ ᠶᠢᠨ ᠰᠡᠭᠦᠳᠡᠷ ᠲᠠᠲᠠᠭᠤᠯᠪᠠ ᠃ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ︽ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠶ᠎ᠡ ︾ ᠭᠡᠬᠦ | ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ | ᠰᠢ ᠶᠢᠨ ᠫᠢᠩ ᠂ 2015 ᠣᠨ ᠳᠤ ᠪᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠲᠥᠯᠥᠭᠡᠯᠡᠭᠴᠢᠳ ᠲᠠᠢ ᠬᠠᠮᠲᠤ ᠪᠠᠷ ᠪᠡᠭᠡᠵᠢᠩ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠠᠩᠬᠠᠳᠤᠭᠠᠷ ᠬᠤᠭᠤᠴᠠᠭᠠᠨ ᠤ ᠰᠠᠶᠢᠳ ᠤᠨ | ᠲᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠵᠤ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠢ ᠲᠤᠩᠬᠠᠭᠯᠠᠪᠠ ᠃ | 10 ᠵᠢᠯ ᠤᠨ ᠲᠤᠷᠰᠢ ᠬᠤᠶᠠᠷ ᠲᠠᠯ᠎ᠠ ᠶᠢᠨ ᠨᠢᠮᠪᠠᠢ ᠪᠣᠶᠢᠵᠢᠭᠤᠯᠤᠯᠲᠠ ᠳᠣᠣᠷ᠎ᠠ ᠳᠤᠮᠳᠠᠳᠤ ᠤᠯᠤᠰ — ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠨᠢ ᠨᠢᠭᠡᠨ ᠨᠢᠯᠬ᠎ᠠ ᠴᠢᠬᠢ | ᠪᠠᠶᠢᠭᠰᠠᠨ ᠠᠴᠠ ᠪᠠᠨ ᠲᠣᠮᠣ ᠮᠣᠳᠣ ᠪᠣᠯᠵᠤ ᠪᠣᠶᠢᠵᠢᠭᠰᠠᠨ ᠪᠠᠶᠢᠨ᠎ᠠ ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠮᠥᠷᠥ | ᠵᠡᠷᠭᠡᠴᠡᠵᠦ ᠂ ᠬᠠᠷᠢᠯᠴᠠᠨ ᠳᠡᠮᠵᠢᠵᠦ ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠢᠮᠠᠭᠲᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ ᠂ ᠲᠤᠮᠳᠠᠳᠤ ᠶᠢᠨ ᠲᠠᠯ᠎ᠠ ᠶᠢᠨ ᠬᠢᠨ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠲᠡᠮᠵᠢᠵᠥ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠤᠯᠤᠰ ᠤᠨ ᠡᠷᠬᠡ ᠮᠡᠳᠡᠯ ᠪᠠ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠶᠢ ᠲᠡᠮᠵᠢᠵᠥ ᠂ ᠭᠠᠳᠠᠭᠠᠳᠤ ᠶᠢᠨ ᠬᠢᠨ ᠤ ᠭᠠᠷ | ᠲᠦᠷᠦᠭᠦ ᠶᠢ ᠡᠰᠡᠷᠭᠦᠴᠡᠪᠡ ︔ ᠬᠤᠶᠠᠷ ᠲᠠᠯ᠎ᠠ ᠪᠠᠷ ᠢᠶᠠᠨ ᠤᠷᠤᠰᠬᠠᠯ ᠤᠨ ᠡᠮᠦᠨ᠎ᠡ ᠬᠤᠰᠢᠭᠤᠷᠠᠨ ᠂ ᠬᠠᠮᠲᠤᠷᠠᠯᠴᠠᠵᠤ | ᠬᠠᠮᠲᠤ ᠪᠠᠷ ᠠᠰᠢᠭ ᠬᠦᠷᠲᠡᠵᠦ ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠬᠠᠨᠳᠤᠰᠢ ᠳᠤ ᠵᠣᠬᠢᠴᠠᠵᠤ ᠂ ᠠᠷᠠᠯᠵᠢᠶ᠎ᠠ ᠂ | ᠪᠡᠯᠡ ᠣᠷᠣᠭᠤᠯᠤᠯᠲᠠ ᠂ ᠮᠥᠩᠭᠦᠨ ᠭᠦᠢᠯᠭᠡᠭᠡᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ | ᠭᠦᠨᠵᠡᠭᠡᠶᠢᠷᠡᠬᠦ ᠶᠢ ᠠᠬᠢᠭᠤᠯᠵᠤ ᠂ ︽ ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠪᠠ ︔ | ᠬᠤᠶᠠᠷ ᠲᠠᠯ᠎ᠠ ᠪᠠᠷ ᠢᠶᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ ᠂ | ᠳᠠᠯᠠᠢ ᠶᠢᠨ ᠰᠢᠭᠤᠷᠭ᠎ᠠ ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠪᠠ ᠡᠷᠢᠨ ᠵᠠᠭᠤᠨ ᠤ ᠬᠢᠵᠢᠭ ᠤᠨ | ᠪᠠᠶᠢᠳᠠᠯ ᠢ ᠭᠠᠷ ᠬᠤᠯᠪᠣᠨ ᠠᠷᠭᠠᠴᠠᠭᠠᠪᠠ ︔ ᠬᠤᠶᠠᠷ ᠲᠠᠯ᠎ᠠ ᠪᠠᠷ ᠢᠶᠠᠨ ᠪᠦᠯᠬᠦᠮᠳᠡᠨ ᠬᠠᠮᠵᠢᠯᠴᠠᠵᠤ ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠳᠡᠯᠡᠬᠡᠢ ᠶᠢᠨ ᠲᠥᠪ ᠭᠤᠣᠯᠴᠢ | ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ | ᠥᠭᠡᠷᠡᠴᠢᠯᠡᠯᠲᠡ ᠶᠢ ᠠᠬᠢᠭᠤᠯᠵᠤ ᠂ ᠳᠡᠯᠡᠬᠡᠢ ᠶᠢᠨ ᠤᠯᠠᠨ ᠲᠤᠶᠢᠯᠵᠢᠯ ᠪᠣᠯᠣᠨ ᠤᠯᠠᠨ ᠤᠯᠤᠰ ᠤᠨ ᠬᠠᠷᠢᠯᠴᠠᠭ᠎ᠠ ᠶᠢᠨ | ᠠᠷᠠᠳᠴᠢᠯᠠᠯ ᠢ ᠠᠬᠢᠭᠤᠯᠪᠠ ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠨᠢᠭᠡᠨᠲᠡ | ᠭᠠᠷ ᠬᠤᠯᠪᠣᠨ ᠬᠠᠮᠲᠤ ᠪᠠᠷ ᠤᠷᠤᠭᠰᠢᠯᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠤᠭᠰᠠᠨ ᠢ ᠪᠣᠳᠠᠲᠤ ᠶᠠᠪᠤᠳᠠᠯ | ᠭᠡᠷᠡᠴᠢᠯᠡᠪᠡ ᠃ ᠲᠡᠭᠦᠨ ᠤ ᠢᠯᠡ ᠲᠣᠳᠣ ᠳᠡᠪᠢᠰᠬᠡᠷ ᠥᠩᠭᠡ ᠪᠣᠯ ᠡᠷᠬᠡ ᠲᠡᠭᠰᠢ ᠪᠠᠷ ᠬᠠᠨᠳᠤᠯᠴᠠᠬᠤ ᠪᠣᠯᠣᠨ᠎ᠠ ᠂ ᠬᠦᠴᠦᠷᠬᠡᠭ | ᠶᠡᠭᠡ ᠬᠥᠳᠡᠯᠭᠡᠬᠦ ᠬᠦᠴᠦᠨ ᠪᠣᠯ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠯᠣᠨ᠎ᠠ ᠂ ᠬᠡᠬᠦᠳᠡᠭ ᠴᠡᠭᠡᠵᠢ ᠳᠡᠭᠡᠨ | ᠪᠠᠭᠲᠠᠭᠠᠵᠤ ᠪᠠᠶᠢᠭ᠎ᠠ ᠵᠠᠩ ᠰᠤᠷᠲᠠᠯ ᠪᠣᠯ ᠨᠡᠭᠡᠭᠡᠯᠲᠡᠲᠡᠢ ᠪᠠᠭᠲᠠᠭᠠᠮᠵᠢᠲᠠᠢ ᠂ ᠦᠨᠳᠦᠰᠦᠨ ᠬᠥᠭᠡᠭᠡᠴᠡᠯᠳᠦᠯ ᠪᠣᠯ ᠠᠷᠠᠳ | ᠲᠦᠮᠡᠨ ᠳᠤ ᠪᠤᠶᠠᠨ ᠦᠢᠯᠡᠳᠬᠦ ᠪᠠᠶᠢᠵᠤ ᠂ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ | ᠬᠥᠭᠵᠢᠯᠲᠡ ᠶᠢᠨ ᠠᠯᠤᠰ ᠢᠷᠡᠭᠡᠳᠦᠢ ᠲᠠᠢ ᠶᠤᠮ ᠭᠡᠵᠦ ᠵᠢᠭᠠᠵᠤ ᠭᠠᠷᠭᠠᠪᠠ ᠃ | | | | | | 5 ᠰᠠᠷ᠎ᠠ ᠶᠢᠨ 13 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠠᠬᠢ | ᠤᠯᠤᠰ ᠤᠨ ᠬᠤᠷᠠᠯ ᠤᠨ ᠲᠥᠪ ᠲᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ | ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ ᠵᠢᠷᠤᠭ ᠪᠣᠯ ᠰᠢ ᠶᠢᠨ | ᠫᠢᠩ ᠪᠣᠯᠣᠨ ᠬᠤᠷᠠᠯ ᠳᠤ ᠣᠷᠣᠯᠴᠠᠬᠰᠠᠨ ᠵᠣᠴᠢᠳ ᠬᠠᠮᠲᠤ ᠶᠢᠨ ᠰᠡᠭᠦᠳᠡᠷ ᠲᠠᠲᠠᠭᠤᠯᠵᠤ ᠪᠠᠶᠢᠭ᠎ᠠ ᠨᠢ ᠃ ︵ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ ᠰᠡᠭᠦᠳᠡᠷᠯᠡᠪᠡ ︶ | ᠰᠢ ᠶᠢᠨ ᠫᠢᠩ ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ | ᠲᠦᠷᠭᠡᠰᠦᠨ ᠤᠯᠠᠷᠢᠵᠤ ᠂ ᠤᠯᠠᠨ ᠳᠠᠪᠬᠤᠷ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ ᠃ ᠡᠯ᠎ᠡ ᠤᠯᠤᠰ | ᠭᠠᠭᠴᠠ ᠬᠦ ᠪᠦᠯᠬᠦᠮᠳᠡᠨ ᠬᠠᠮᠵᠢᠯᠴᠠᠪᠠᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠵᠤ ᠂ ᠪᠦᠭᠦ | ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠵᠤ ᠴᠢᠳᠠᠨ᠎ᠠ ᠃ ᠪᠣᠭᠤᠮᠲᠠ ᠶᠢᠨ ᠭᠠᠶᠢᠯᠢ ᠶᠢᠨ ᠳᠠᠶᠢᠨ ᠂ ᠠᠷᠠᠯᠵᠢᠶᠠᠨ ᠤ | ᠳᠠᠶᠢᠨ ᠳᠤ ᠢᠯᠠᠭᠴᠢ ᠪᠠᠶᠢᠬᠤ ᠦᠭᠡᠢ ᠂ ᠡᠵᠡᠷᠬᠡᠬᠦ ᠡᠵᠡᠷᠬᠡᠭᠯᠡᠬᠦ ᠨᠢ ᠵᠥᠪᠭᠡᠨ ᠥᠪᠡᠷ ᠢ ᠪᠠᠨ ᠭᠠᠭᠴᠠᠭᠠᠷᠳᠠᠭᠤᠯᠤᠨ᠎ᠠ ᠃ | ᠳᠤᠮᠳᠠᠳᠤ ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠴᠥᠮ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠪᠦᠷᠢᠯᠳᠦᠭᠦᠨ ᠮᠥᠨ ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠪᠣᠯ ᠮᠠᠨ ᠤ | ᠢᠷᠠᠭᠤ ᠠᠯᠳᠠᠷᠲᠤ ᠤᠯᠠᠮᠵᠢᠯᠠᠯ ᠮᠥᠨ ᠂ ᠬᠥᠭᠵᠢᠯ ᠮᠠᠨᠳᠤᠯ ᠪᠣᠯ ᠪᠢᠳᠡᠨ ᠤ ᠲᠥᠷᠥᠯᠬᠢ ᠡᠷᠬᠡ ᠮᠥᠨ ᠂ ᠲᠥᠪ ᠭᠤᠣᠯᠴᠢ | ᠰᠢᠳᠤᠷᠭᠤ ᠶᠣᠰᠣ ᠪᠣᠯ ᠪᠢᠳᠡᠨ ᠤ ᠬᠠᠮᠲᠤ ᠶᠢᠨ ᠬᠥᠭᠡᠭᠡᠴᠡᠯᠳᠦᠯ ᠮᠥᠨ ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠢᠨ ᠲᠠᠢ ᠭᠠᠷ ᠬᠤᠯᠪᠣᠨ ᠲᠠᠪᠤᠨ ᠶᠡᠭᠡ ᠢᠨᠵᠧᠨᠧᠷᠢᠩ ᠢ ᠡᠬᠢᠯᠡᠭᠦᠯᠵᠦ ᠂ ᠬᠥᠭᠵᠢᠯ | ᠮᠠᠨᠳᠤᠯ ᠢ ᠬᠠᠮᠲᠤ ᠪᠠᠷ ᠡᠷᠢᠯᠬᠢᠯᠡᠵᠦ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠃ | ᠨᠢᠭᠡ ᠪᠣᠯ ᠪᠦᠯᠬᠦᠮᠳᠡᠯ ᠤᠨ ᠢᠨᠵᠧᠨᠧᠷᠢᠩ ᠃ ᠦᠷᠭᠦᠯᠵᠢᠯᠡᠨ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ | ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠯᠴᠡᠵᠦ ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ | ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ ᠂ ᠤᠯᠠᠨ ᠤᠯᠤᠰ ᠤᠨ ᠪᠠ | ᠭᠠᠵᠠᠷ ᠣᠷᠣᠨ ᠤ ᠬᠡᠷᠡᠭ ᠶᠠᠪᠤᠳᠠᠯ ᠤᠨ ᠳᠤᠮᠳᠠ ᠬᠠᠮᠲᠤ ᠶᠢᠨ ᠳᠠᠭᠤᠨ ᠢᠶᠠᠨ ᠴᠤᠤᠷᠢᠶᠠᠲᠤᠭᠤᠯᠤᠨ᠎ᠠ ᠃ ᠢᠷᠡᠬᠦ 3 ᠵᠢᠯ ᠳᠤ | ᠳᠤᠮᠳᠠᠳᠤ ᠤᠯᠤᠰ ᠵᠢᠯ ᠪᠦᠷᠢ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ | ᠪᠦᠷᠢᠯᠳᠦᠭᠦᠨ ᠤᠯᠤᠰ ᠤᠨ 300 ᠲᠦᠷᠦ ᠶᠢᠨ ᠨᠠᠮ ᠤᠨ ᠺᠠᠳ᠋ᠷ ᠢ ᠤᠷᠢᠵᠤ ᠳᠤᠮᠳᠠᠳᠤ ᠤᠯᠤᠰ ᠲᠤ ᠰᠢᠨᠵᠢᠯᠡᠨ | ᠪᠠᠶᠢᠴᠠᠭᠠᠯᠭᠠᠵᠤ ᠠᠶᠢᠯᠴᠢᠯᠠᠯᠲᠠ ᠬᠢᠯᠭᠡᠨ᠎ᠡ ᠃ | ᠬᠤᠶᠠᠷ ᠪᠣᠯ ᠬᠥᠭᠵᠢᠯᠲᠡ ᠶᠢᠨ ᠢᠨᠵᠧᠨᠧᠷᠢᠩ ᠃ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠡᠷᠡᠰ ᠬᠠᠮᠠᠭᠠᠯᠠᠵᠤ ᠂ ᠪᠦᠭᠦ | ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ | ᠬᠠᠮᠠᠭᠠᠯᠠᠵᠤ ᠂ ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠨ᠎ᠠ ᠃ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ ᠂ ︽ ᠨᠢᠭᠡ ᠪᠦᠰᠡ ᠨᠢᠭᠡ ᠵᠠᠮ ︾ ᠢ | ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠠᠬᠢᠭᠤᠯᠤᠨ᠎ᠠ ᠃ ᠳᠤᠮᠳᠠᠳᠤ ᠤᠯᠤᠰ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ ᠂ ᠳᠤᠮᠳᠠᠳᠤ ᠤᠯᠤᠰ ᠤᠨ | ᠠᠵᠤ ᠠᠬᠤᠶᠢᠯᠠᠯ ᠤᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠬᠢ ᠪᠡᠯᠡ ᠣᠷᠣᠭᠤᠯᠤᠯᠲᠠ ᠪᠠᠨ | ᠥᠷᠭᠡᠳᠬᠡᠬᠦ ᠶᠢ ᠵᠣᠷᠢᠭᠵᠢᠭᠤᠯᠤᠨ᠎ᠠ ᠃ | ᠭᠤᠷᠪᠠ ᠪᠣᠯ ᠪᠣᠯᠪᠠᠰᠤᠨ ᠤ ᠢᠨᠵᠧᠨᠧᠷᠢᠩ ᠃ ᠬᠠᠮᠲᠤ ᠪᠠᠷ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠵᠤ ᠂ ᠡᠷᠬᠡ ᠲᠡᠭᠰᠢ᠂ ᠬᠠᠷᠢᠯᠴᠠᠨ ᠲᠣᠯᠢᠯᠠᠬᠤ ᠂ ᠶᠠᠷᠢᠯᠴᠠᠭ᠎ᠠ ᠂ ᠪᠠᠭᠲᠠᠭᠠᠮᠵᠢᠲᠠᠢ ᠪᠣᠯᠪᠠᠰᠤᠨ ᠤ | ᠦᠵᠡᠯᠲᠡ ᠶᠢ ᠪᠤᠢ ᠪᠤᠯᠭᠠᠵᠤ ᠂ ᠡᠩᠬᠡ ᠲᠠᠶᠢᠪᠤᠩ ᠂ ᠬᠥᠭᠵᠢᠯᠲᠡ ᠂ ᠡᠷᠬᠡ ᠲᠡᠭᠰᠢ ᠂ ᠰᠢᠳᠤᠷᠭᠤ ᠶᠣᠰᠣ ᠂ ᠠᠷᠠᠳᠴᠢᠯᠠᠯ ᠂ | ᠡᠷᠬᠡ ᠴᠢᠯᠦᠭᠡ ᠲᠠᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠎ᠠ ᠃ ᠳᠤᠮᠳᠠᠳᠤ ᠤᠯᠤᠰ ᠪᠠ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠰᠣᠯᠢᠯᠴᠠᠭ᠎ᠠ ᠶᠢ ᠭᠦᠨᠵᠡᠭᠡᠶᠢᠷᠡᠭᠦᠯᠵᠦ ᠂ ᠳᠤᠮᠳᠠᠳᠤ | ᠤᠯᠤᠰ ᠪᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠪᠣᠯᠪᠠᠰᠤᠨ ᠤ ᠶᠠᠷᠢᠯᠴᠠᠭᠠᠨ ᠤ ᠶᠡᠭᠡ ᠬᠤᠷᠠᠯ ᠢ | ᠡᠷᠭᠢᠯᠡᠨ᠎ᠡ ᠃ | ᠳᠥᠷᠪᠡ ᠪᠣᠯ ᠨᠠᠶᠢᠷᠠᠮᠳᠠᠯ ᠤᠨ ᠢᠨᠵᠧᠨᠧᠷᠢᠩ ᠃ ᠬᠠᠮᠲᠤ ᠪᠠᠷ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ᠭᠠᠮᠰᠢᠭ ᠤᠨ ᠰᠦᠢᠳᠦᠯ ᠢ ᠵᠠᠰᠠᠬᠤ ᠂ ᠰᠦᠯᠵᠢᠶᠡᠨ ᠤ ᠠᠮᠤᠷ ᠲᠦᠪᠰᠢᠨ ᠂ | ᠰᠦᠷᠳᠡᠭᠦᠯᠦᠯ ᠢ ᠡᠰᠡᠷᠭᠦᠴᠡᠬᠦ ᠂ ᠢᠯᠵᠢᠷᠡᠯ ᠢ ᠡᠰᠡᠷᠭᠦᠴᠡᠬᠦ ᠂ ᠬᠤᠣᠷ ᠴᠠᠭᠠᠵᠠᠯᠠᠬᠤ ᠂ ᠤᠯᠤᠰ ᠠᠯᠤᠰᠯᠠᠭᠰᠠᠨ ᠵᠣᠬᠢᠶᠠᠨ | ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠬᠠᠮᠲᠤᠷᠠᠯᠴᠠᠭ᠎ᠠ ᠶᠢ ᠴᠢᠩᠭᠠᠳᠬᠠᠵᠤ ᠂ ᠭᠠᠵᠠᠷ | ᠣᠷᠣᠨ ᠤ ᠠᠮᠤᠷ ᠲᠦᠪᠰᠢᠨ ᠲᠣᠭᠲᠠᠭᠤᠨ ᠢ ᠴᠢᠷᠮᠠᠶᠢᠨ ᠬᠠᠮᠠᠭᠠᠯᠠᠨ᠎ᠠ ᠃ | ᠲᠠᠪᠤ ᠪᠣᠯ ᠠᠷᠠᠳ ᠤᠨ ᠰᠡᠳᠬᠢᠯ ᠤᠨ ᠢᠨᠵᠧᠨᠧᠷᠢᠩ ᠃ ᠢᠷᠡᠬᠦ 3 ᠵᠢᠯ ᠳᠤ ᠳᠤᠮᠳᠠᠳᠤ ᠤᠯᠤᠰ ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠲᠤ 3500 ᠵᠠᠰᠠᠭ ᠤᠨ | ᠣᠷᠳᠣᠨ ᠤ ᠰᠤᠷᠤᠯᠭ᠎ᠠ ᠶᠢᠨ ᠱᠠᠩᠨᠠᠯ ᠤᠨ ᠣᠷᠣᠨ ᠲᠤᠭ᠎ᠠ ᠂ 1 ᠲᠦᠮᠡᠨ ᠳᠤᠮᠳᠠᠳᠤ ᠤᠯᠤᠰ ᠲᠤ ᠢᠷᠡᠵᠦ ᠪᠣᠯᠪᠠᠰᠤᠷᠠᠯ | ᠭᠦᠷᠳᠡᠭᠦ ᠣᠷᠣᠨ ᠲᠤᠭ᠎ᠠ ᠂ 500 ᠤᠯᠠᠨ ᠤᠯᠤᠰ ᠤᠨ ᠬᠢᠲᠠᠳ ᠬᠡᠯᠡᠨ ᠤ ᠪᠠᠭᠰᠢ ᠶᠢᠨ ᠰᠤᠷᠤᠯᠭ᠎ᠠ ᠶᠢᠨ ᠱᠠᠩᠨᠠᠯ ᠤᠨ | ᠣᠷᠣᠨ ᠲᠤᠭ᠎ᠠ ᠂ 300 ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠮᠡᠷᠭᠡᠵᠢᠯ ᠤᠨ ᠴᠢᠳᠠᠪᠤᠷᠢᠲᠠᠨ ᠤ | ᠪᠣᠯᠪᠠᠰᠤᠷᠠᠯ ᠤᠨ ᠣᠷᠣᠨ ᠲᠤᠭ᠎ᠠ ᠂ 1000 ︽ ᠬᠢᠲᠠᠳ ᠬᠡᠯᠡᠨ ᠤ ᠬᠥᠭᠦᠷᠭᠡ ︾ ᠶᠢᠨ ᠲᠦᠷᠦᠯ ᠵᠦᠢᠯ ᠤᠨ ᠳᠤᠮᠳᠠᠳᠤ | ᠤᠯᠤᠰ ᠲᠤ ᠢᠷᠡᠬᠦ ᠪᠦᠯᠭᠦᠮ ᠳᠤᠭᠤᠶᠢᠯᠠᠩ ᠤᠨ ᠣᠷᠣᠨ ᠲᠤᠭ᠎ᠠ ᠬᠠᠩᠭᠠᠵᠤ ᠂ 300 ︽ ᠪᠠᠭ᠎ᠠ ᠮᠥᠷᠲᠡᠭᠡᠨ ᠭᠤᠶᠢᠳᠠ ︾ | ᠠᠷᠠᠳ ᠤᠨ ᠠᠮᠢᠳᠤᠷᠠᠯ ᠤᠨ ᠲᠦᠷᠦᠯ ᠵᠦᠢᠯ ᠢ ᠬᠡᠷᠡᠭᠵᠢᠭᠦᠯᠵᠦ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠪᠦᠷᠢᠯᠳᠦᠭᠦᠨ ᠤᠯᠤᠰ ᠤᠨ ᠬᠢᠲᠠᠳ ᠬᠡᠯᠡᠨ ᠤ ᠰᠤᠷᠭᠠᠨ ᠬᠥᠮᠦᠵᠢᠯ ᠥᠷᠨᠢᠭᠦᠯᠬᠦ ᠶᠢ ᠲᠡᠮᠵᠢᠨ᠎ᠠ ᠃ | ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠣᠷᠣᠨ ᠤ 5 ᠤᠯᠤᠰ ᠲᠤ ᠸᠢᠰᠠ ᠶᠢ ᠬᠡᠯᠲᠦᠷᠢᠭᠦᠯᠬᠦ ᠲᠦᠷᠦᠭᠦᠦ | ᠪᠦᠯᠦᠭ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠭᠠᠵᠠᠷ ᠣᠷᠣᠨ ᠤ ᠤᠯᠤᠰ ᠤᠳ ᠤᠨ ᠪᠦᠷᠬᠦᠴᠡ ᠶᠢᠨ | ᠬᠡᠪᠴᠢᠶ᠎ᠡ ᠶᠢ ᠵᠣᠬᠢᠰᠲᠠᠢ ᠴᠠᠭ ᠲᠤ ᠥᠷᠭᠡᠳᠬᠡᠨ᠎ᠡ ᠭᠡᠵᠦ ᠴᠢᠬᠤᠯᠠᠴᠢᠯᠠᠪᠠ ᠃ | ᠰᠢ ᠶᠢᠨ ᠫᠢᠩ ᠬᠠᠮᠤᠭ ᠤᠨ ᠰᠡᠭᠦᠯ ᠳᠤ ᠂ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠂ ᠳᠤᠮᠳᠠᠳᠤ | ᠤᠯᠤᠰ ᠢᠮᠠᠭᠲᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠠᠶᠢᠨ ᠨᠠᠶᠢᠵᠠ ᠂ ᠰᠠᠶᠢᠨ ᠬᠠᠨᠢᠲᠠᠨ ᠪᠣᠯᠵᠤ ᠂ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠬᠠᠮᠲᠤ ᠲᠤᠰ ᠲᠤᠰ ᠤᠨ ᠣᠳᠣᠬᠢᠴᠢᠯᠠᠯᠲᠠ ᠶᠢᠨ ᠠᠶᠠᠨ ᠳᠠᠭᠠᠨ | ᠮᠥᠷᠥ ᠵᠡᠷᠭᠡᠴᠡᠨ ᠤᠷᠤᠭᠰᠢᠯᠠᠵᠤ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ ᠭᠡᠵᠦ | ᠴᠢᠬᠤᠴᠢᠯᠠᠪᠠ ᠃ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ | ᠤᠯᠤᠰ ᠪᠤᠯᠬᠤ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋ ᠂ ᠪᠷᠠᠽᠢᠯ ᠤᠨ ᠶᠡᠷᠦᠩᠬᠡᠶᠢᠯᠡᠭᠴᠢ ᠯᠦᠯᠠ ᠂ ᠴᠢᠯᠢ ᠶᠢᠨ | ᠶᠡᠷᠦᠩᠬᠡᠶᠢᠯᠡᠭᠴᠢ ᠪᠦᠸᠧᠯᠢᠴᠢ ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠂ ᠪᠷᠠᠽᠢᠯ ᠤᠨ ᠤᠤᠯ ᠤᠨ | ᠶᠡᠷᠦᠩᠬᠡᠶᠢᠯᠡᠭᠴᠢ ᠷᠤᠰᠤᠹ ᠲᠤᠰ ᠲᠤᠰ ᠪᠠᠶᠠᠷ ᠤᠨ ᠦᠭᠡ ᠬᠡᠯᠡᠪᠡ ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠲᠤᠰᠢᠶᠠᠯ ᠳᠤ ᠭᠠᠷᠬᠤ ᠪᠠᠷ ᠪᠠᠶᠢᠭ᠎ᠠ ᠵᠢᠵᠢᠭᠦᠷ ᠲᠡᠷᠢᠭᠦᠯᠡᠭᠴᠢ ᠤᠯᠤᠰ | ᠦᠷᠥ᠋ᠭᠤᠸᠠᠢ ᠶᠢᠨ ᠶᠡᠷᠦᠩᠬᠡᠶᠢᠯᠡᠭᠴᠢ ᠤᠤᠷᠰᠢ ᠶᠢᠨ ᠣᠨᠴᠠᠭᠠᠢ ᠲᠥᠯᠥᠭᠡᠯᠡᠭᠴᠢ ᠠᠴᠠ ᠶᠡᠷᠦᠩᠬᠡᠶᠢᠯᠡᠭᠴᠢ ᠶᠢᠨ ᠪᠠᠶᠠᠷ ᠤᠨ | ᠵᠠᠬᠢᠳᠠᠯ ᠢ ᠤᠩᠰᠢᠨ ᠨᠡᠶᠢᠲᠡᠯᠡᠪᠡ ᠃ ᠲᠡᠳᠡ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ | ᠤᠯᠤᠰ ᠤᠨ ᠶᠠᠷᠢᠶᠠᠨ ᠤ ᠲᠠᠪᠴᠠᠩ ᠤᠨ 10 ᠵᠢᠯ ᠤᠨ ᠬᠥᠭᠵᠢᠯᠲᠡ ᠶᠢᠨ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ | ᠳᠡᠭᠡᠳᠦ ᠬᠡᠮᠵᠢᠶ᠎ᠡ ᠪᠠᠷ ᠦᠨᠡᠯᠡᠵᠦ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ | ᠬᠠᠮᠲᠤᠷᠠᠯᠴᠠᠭ᠎ᠠ ᠶᠢ ᠠᠬᠢᠭᠤᠯᠬᠤ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠳᠤ ᠦᠵᠡᠭᠦᠯᠦᠭᠰᠡᠨ ᠳᠤᠮᠳᠠᠳᠤ ᠤᠯᠤᠰ ᠤᠨ ᠴᠢᠬᠤᠯᠠ ᠶᠡᠭᠡ ᠬᠤᠪᠢ ᠨᠡᠮᠡᠷᠢ ᠶᠢ ᠮᠠᠭᠲᠠᠨ | ᠰᠠᠶᠢᠰᠢᠶᠠᠪᠠ ᠃ ᠡᠯ᠎ᠡ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠳᠡᠮᠵᠢᠬᠦ ᠪᠠᠨ ᠳᠠᠪᠲᠠᠨ | ᠢᠯᠡᠷᠬᠡᠶᠢᠯᠡᠪᠡ ᠃ ᠡᠯ᠎ᠡ ᠲᠠᠯ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠣᠯᠣᠨ ᠭᠤᠷᠪᠠᠨ ᠶᠡᠭᠡ ᠪᠦᠭᠦ | ᠪᠥᠮᠪᠥᠷᠴᠡᠭ ᠤᠨ ᠰᠠᠨᠠᠭᠠᠴᠢᠯᠠᠭ᠎ᠠ ᠨᠢ ᠳᠡᠯᠡᠬᠡᠢ ᠳ᠋ᠠᠬᠢᠨ ᠳᠤ ᠡᠩᠬᠡ ᠲᠠᠶᠢᠪᠤᠩ ᠬᠥᠭᠵᠢᠯ ᠴᠡᠴᠡᠭᠯᠡᠯ ᠲᠠᠪᠰᠢᠯᠳᠠ ᠶᠢᠨ ᠭᠡᠭᠡᠨ | ᠰᠠᠷᠠᠭᠤᠯ ᠢᠷᠡᠭᠡᠳᠦᠢ ᠶᠢ ᠨᠡᠭᠡᠭᠡᠵᠦ ᠥᠭᠴᠡᠢ ᠃ ᠲᠣᠬᠳᠠᠭᠠᠯᠳᠦ ᠪᠤᠰᠤ ᠳᠡᠯᠡᠬᠡᠢ ᠶᠢᠷᠲᠢᠨᠴᠦ ᠳᠤ ᠬᠠᠨᠳᠤᠵᠤ ᠂ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠭᠠᠷ ᠬᠤᠯᠪᠣᠨ ᠬᠠᠮᠲᠤᠷᠠᠯᠴᠠᠵᠤ ᠂ ᠬᠠᠲᠠᠭᠤ | ᠪᠡᠷᠬᠡᠰᠢᠶᠡᠯ ᠢ ᠬᠠᠮᠲᠤ ᠪᠠᠷ ᠲᠤᠭᠤᠯᠵᠤ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ | ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠲᠠᠰᠤᠷᠠᠯᠲᠠ ᠦᠭᠡᠢ ᠰᠢᠨ᠎ᠡ ᠠᠬᠢᠴᠠ ᠲᠠᠢ | ᠪᠤᠯᠬᠤ ᠶᠢ ᠠᠬᠢᠭᠤᠯᠵᠤ ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ | ᠬᠠᠮᠲᠤᠷᠠᠯᠴᠠᠭᠠᠨ ᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ ᠃ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ — ᠳᠤᠮᠳᠠᠳᠤ ᠤᠯᠤᠰ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠶᠢ ᠪᠠᠷᠢᠮᠲᠠᠯᠠᠵᠤ ᠂ ᠨᠦᠭᠦᠭᠡ | ᠡᠲᠡᠭᠡᠳ ᠤᠨ ᠢᠶᠠᠨ ᠡᠷᠬᠡ ᠮᠡᠳᠡᠯ ᠢᠶᠠᠨ ᠬᠠᠮᠠᠭᠠᠯᠠᠬᠤ ᠪᠠ ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠣᠩᠭᠤᠬᠤ ᠶᠢ | ᠡᠷᠡᠰ ᠳᠡᠮᠵᠢᠨ᠎ᠠ ︔ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠡᠯ᠎ᠡ ᠤᠯᠤᠰ ᠤᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠪᠠᠨ ︽ ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠯᠤᠭ᠎ᠠ ᠵᠣᠯᠭᠠᠭᠤᠯᠬᠤ ᠶᠢ ᠴᠢᠩᠭᠠᠳᠬᠠᠵᠤ ᠂ | ᠠᠷᠠᠯᠵᠢᠶ᠎ᠠ ᠂ ᠪᠡᠯᠡ ᠣᠷᠣᠭᠤᠯᠤᠯᠲᠠ ᠂ ᠰᠠᠭᠤᠷᠢ ᠲᠥᠬᠦᠭᠡᠷᠦᠮᠵᠢ ᠂ ᠬᠥᠳᠡᠭᠡ ᠠᠵᠤ ᠠᠬᠤᠢ ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠂ ᠰᠢᠨ᠎ᠡ ᠡᠨᠧᠷᠭᠢ ᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠠᠬᠢᠭᠤᠯᠵᠤ ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠦᠨ᠎ᠠ ︔ ᠪᠣᠯᠪᠠᠰᠤᠨ ᠤ ᠰᠣᠯᠢᠯᠴᠠᠭ᠎ᠠ ᠶᠠᠷᠢᠯᠴᠠᠭ᠎ᠠ ᠶᠢ ᠠᠬᠢᠭᠤᠯᠵᠤ ᠂ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ — ᠳᠤᠮᠳᠠᠳᠤ ᠤᠯᠤᠰ ᠤᠨ ᠠᠷᠠᠳ ᠲᠦᠮᠡᠨ ᠤ ᠬᠠᠷᠢᠯᠴᠠᠨ | ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠠᠭᠢᠭᠤᠯᠤᠨ᠎ᠠ ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠡᠷᠬᠡ ᠰᠦᠷ ᠢ ᠡᠷᠡᠰ ᠬᠠᠮᠠᠭᠠᠯᠠᠵᠤ ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠢ | ᠬᠠᠮᠠᠭᠠᠯᠠᠵᠤ ᠂ ᠤᠯᠠᠨ ᠲᠠᠯᠠᠲᠤ ᠦᠵᠡᠯ ᠂ ᠴᠢᠯᠦᠭᠡᠲᠦ ᠠᠷᠠᠯᠵᠢᠶ᠎ᠠ ᠶᠢ ᠳᠡᠮᠵᠢᠵᠦ ᠂ ᠭᠠᠭᠴᠠ ᠲᠠᠯᠠᠲᠤ ᠦᠵᠡᠯ ᠂ ᠬᠠᠮᠠᠭᠠᠯᠠᠬᠤ | ᠦᠵᠡᠯ ᠂ ᠬᠦᠴᠦᠷᠬᠡᠭᠯᠡᠯ ᠤᠨ ᠤᠯᠤᠰ ᠲᠦᠷᠦ ᠪᠠ ᠡᠵᠡᠷᠬᠡᠵᠦ ᠳᠠᠷᠤᠯᠠᠬᠤ ᠠᠵᠢᠯᠯᠠᠭ᠎ᠠ ᠶᠢ ᠡᠰᠡᠷᠭᠦᠴᠡᠨ ᠂ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ | ᠢᠯᠡᠳᠬᠡᠵᠡᠭᠡᠪᠡ ᠃ | ᠲᠤᠰ ᠡᠳᠦᠷ ᠤᠨ ᠦᠳᠡ ᠳᠤ ᠰᠢ ᠶᠢᠨ ᠫᠢᠩ ᠬᠤᠷᠠᠯ ᠳᠤ ᠣᠷᠣᠯᠴᠠᠬᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠢᠨ ᠤ ᠤᠳᠤᠷᠢᠳᠬᠤ ᠬᠥᠮᠥᠰ ᠵᠢᠴᠢ ᠡᠯ᠎ᠡ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠶᠢ | ᠤᠭᠲᠤᠬᠤ ᠳᠠᠶᠢᠯᠠᠯᠭ᠎ᠠ ᠬᠢᠪᠡ ᠃ | ᠼᠠᠢ ᠴᠢ ᠂ ᠶᠢᠨ ᠯᠢ ᠨᠠᠷ ᠳᠡᠭᠡᠷ᠎ᠡ ᠳᠤᠷᠠᠳᠤᠭᠰᠠᠨ ᠠᠵᠢᠯᠯᠠᠭ᠎ᠠ ᠳᠤ ᠣᠷᠣᠯᠴᠠᠪᠠ ᠃ | ᠸᠠᠩ ᠢ ᠡᠭᠢᠯᠡᠯᠲᠡ ᠶᠢᠨ ᠶᠣᠰᠣᠯᠠᠯ ᠢ ᠡᠷᠭᠢᠯᠡᠪᠡ ᠃ | |