ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ | ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠠᠽᠢᠯ ᠤᠨ | ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ ᠃ | ᠰᠢ ᠶᠢᠨ ᠫᠢᠩ ᠂ ᠨᠢᠳᠤᠨᠤᠨ ᠳᠤᠮᠳᠠᠳᠤ ᠪᠷᠠᠽᠢᠯ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢᠨ | ᠲᠠᠰᠢᠷᠠᠮ ᠢᠶᠠᠷ ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭ᠎ᠠ ᠶᠢ ᠭᠠᠷ ᠬᠤᠯᠪᠣᠨ ᠨᠡᠩ ᠲᠥᠪ ᠭᠤᠣᠯᠴᠢ | ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ ᠤᠨ ᠳᠤᠮᠳᠠᠳᠤ ᠪᠷᠠᠽᠢᠯ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠪᠣᠯᠭᠠᠨ ᠲᠡᠰ ᠳᠡᠪᠰᠢᠭᠦᠯᠦᠨ᠎ᠡ ᠭᠡᠵᠦ ᠨᠡᠶᠢᠲᠡᠯᠡᠪᠡ ᠂ ᠡᠨᠡ ᠬᠦ ᠪᠠᠶᠢᠯᠳᠤᠬᠤ ᠪᠣᠳᠣᠯᠭ᠎ᠠ ᠶᠢᠨ | ᠰᠢᠢᠳᠪᠦᠷᠢᠲᠦ ᠪᠣᠳᠣᠯᠭ᠎ᠠ ᠨᠢ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠳᠠᠷᠠᠭᠠᠴᠢ ᠶᠢᠨ ︽ ᠰᠢᠵᠢᠷ ᠠᠯᠳᠠᠨ 50 ᠵᠢᠯ ︾ | ᠳᠤ ᠠᠤᠭ᠎ᠠ ᠵᠢᠷᠤᠭ ᠲᠥᠰᠥᠪ ᠢ ᠵᠢᠷᠤᠭᠯᠠᠵᠤ ᠥᠭᠴᠡᠢ ᠃ ᠤᠷᠪᠠᠭᠠᠨ ᠬᠥᠷᠪᠡᠭᠡᠨ ᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ | ᠳᠤᠮᠳᠠᠳᠤ ᠪᠷᠠᠽᠢᠯ ᠬᠤᠶᠠᠷ ᠤᠯᠤᠰ ᠬᠥᠮᠥᠨ ᠲᠥᠷᠥᠯᠬᠢᠲᠡᠨ ᠤ ᠲᠠᠪᠰᠢᠯᠳᠠ ᠳᠤ ᠬᠠᠷᠢᠭᠤᠴᠠᠯᠭ᠎ᠠ ᠡᠭᠦᠷᠭᠡᠯᠡᠬᠦ ᠂ ᠪᠦᠭᠦ | ᠪᠥᠮᠪᠥᠷᠴᠡᠭ ᠤᠨ ᠬᠥᠭᠵᠢᠯᠲᠡ ᠳᠤ ᠬᠠᠷᠢᠭᠤᠴᠠᠯᠭ᠎ᠠ ᠪᠠᠨ ᠭᠦᠢᠴᠡᠳᠬᠡᠬᠦ ᠤᠭ ᠰᠠᠨᠠᠭ᠎ᠠ ᠪᠠᠨ ᠪᠠᠷᠢᠮᠲᠠᠯᠠᠵᠤ ᠂ ᠳᠤᠮᠳᠠᠳᠤ | ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠂ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ ᠂ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠢ ᠭᠠᠷ ᠬᠤᠯᠪᠣᠨ ᠲᠠᠶᠢᠴᠢᠯᠠᠵᠤ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠶ᠎ᠠ ᠭᠡᠵᠦ | ᠵᠢᠭᠠᠵᠤ ᠭᠠᠷᠭᠠᠪᠠ ᠃ | | | | | | 5 ᠰᠠᠷ᠎ᠠ ᠶᠢᠨ 13 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ | ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ ᠃ ᠵᠢᠷᠤᠭ ᠪᠣᠯ ᠰᠢ ᠶᠢᠨ ᠫᠢᠩ ᠬᠠᠲᠤᠨ ᠫᠧᠩ ᠯᠢ | ᠶᠤᠸᠠᠨ ᠲᠠᠢ ᠪᠠᠨ ᠯᠦᠯᠠ ᠪᠣᠯᠣᠨ ᠲᠡᠭᠦᠨ ᠤ ᠬᠠᠲᠤᠨ ᠯᠥᠸᠧᠰᠠᠩᠷᠧᠯᠠ ᠲᠠᠢ ᠬᠠᠮᠲᠤ ᠶᠢᠨ ᠰᠡᠭᠦᠳᠡᠷ ᠲᠠᠲᠠᠭᠤᠯᠵᠤ ᠪᠠᠶᠢᠭ᠎ᠠ | ᠨᠢ ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ ︶ | ᠰᠢ ᠶᠢᠨ ᠫᠢᠩ ᠂ ᠰᠢᠨ᠎ᠡ ᠲᠡᠦᠬᠡ ᠶᠢᠨ ᠭᠠᠷᠤᠭ᠎ᠠ ᠳᠤ ᠵᠣᠭᠰᠣᠵᠤ ᠂ ᠳᠤᠮᠳᠠᠳᠤ ᠪᠷᠠᠽᠢᠯ ᠬᠤᠶᠠᠷ ᠲᠠᠯ᠎ᠠ ᠪᠠᠷ ᠢᠶᠠᠨ | ᠨᠢᠭᠡ ᠳᠤ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠰᠠᠭᠤᠷᠢ ᠶᠢ ᠪᠠᠬᠢᠵᠢᠭᠦᠯᠵᠦ ᠂ ᠬᠠᠷᠢᠯᠴᠠᠨ ᠬᠦᠨᠳᠦᠳᠬᠡᠬᠦ ᠂ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠭᠦᠷᠳᠡᠭᠦ ᠰᠢᠯᠢᠳᠡᠭ ᠤᠯᠠᠮᠵᠢᠯᠠᠯ ᠢ ᠪᠠᠷᠢᠮᠲᠠᠯᠠᠵᠤ ᠂ ᠨᠦᠭᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ | ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠬᠠᠷᠢᠯᠴᠠᠨ ᠲᠡᠮᠵᠢᠵᠥ ᠂ ᠡᠯ᠎ᠡ ᠱᠠᠲᠤ ᠳᠠᠪᠬᠤᠷᠭ᠎ᠠ ᠂ ᠪᠦᠭᠦ | ᠲᠠᠯ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠤᠷᠳᠤ ᠬᠤᠭᠤᠴᠠᠭ᠎ᠠ ᠪᠠᠷ ᠡᠷᠡᠭᠦᠯ | ᠲᠣᠭᠲᠠᠭᠤᠨ ᠢᠶᠠᠷ ᠬᠥᠭᠵᠢᠬᠦ ᠶᠢ ᠪᠠᠲᠤᠯᠠᠶ᠎ᠠ ᠃ ᠬᠤᠶᠠᠷ ᠲᠤ ᠂ ᠬᠠᠮᠲᠤᠷᠠᠯᠴᠠᠭ᠎ᠠ ᠪᠠᠨ ᠥᠷᠭᠡᠳᠬᠡᠬᠦ ᠶᠢ ᠪᠠᠷᠢᠮᠲᠠᠯᠠᠵᠤ ᠂ | ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ ᠂ ︽ᠨᠢᠭᠡ | ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠪᠷᠠᠽᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠪᠦᠲᠦᠮᠵᠢᠲᠡᠢ | ᠵᠣᠯᠭᠠᠭᠤᠯᠬᠤ ᠶᠢ ᠭᠦᠨᠵᠡᠭᠡᠶᠢᠷᠡᠭᠦᠯᠵᠦ ᠂ ᠬᠤᠶᠠᠷ ᠤᠯᠤᠰ ᠤᠨ ᠡᠯ᠎ᠡ ᠵᠦᠢᠯ ᠤᠨ ᠬᠠᠮᠲᠤᠷᠠᠯᠴᠠᠭᠠᠨ ᠤ ᠲᠣᠭᠲᠠᠴᠠ ᠶᠢᠨ | ᠦᠢᠯᠡᠳᠦᠯ ᠢ ᠰᠠᠶᠢᠲᠤᠷ ᠪᠠᠳᠠᠷᠠᠭᠤᠯᠵᠤ ᠂ ᠰᠠᠭᠤᠷᠢ ᠲᠥᠬᠦᠭᠡᠷᠦᠮᠵᠢ ᠂ ᠬᠥᠳᠡᠭᠡ ᠠᠵᠤ ᠠᠬᠤᠢ ᠂ ᠡᠨᠧᠷᠭᠢ ᠵᠡᠷᠭᠡ | ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ ᠂ ᠡᠨᠧᠷᠭᠢ ᠶᠢᠨ ᠭᠡᠯᠪᠡᠷᠢ ᠶᠢ ᠬᠤᠪᠢᠷᠠᠭᠤᠯᠬᠤ ᠂ | ᠠᠭᠠᠷ ᠤᠨ ᠠᠶᠠᠯᠠᠯ ᠰᠠᠨᠰᠠᠷ ᠤᠨ ᠠᠶᠠᠯᠠᠯ ᠂ ᠲᠣᠭᠠᠴᠢᠯᠠᠭᠰᠠᠨ ᠠᠵᠤ ᠠᠬᠤᠢ ᠂ ᠵᠣᠬᠢᠶᠠᠮᠠᠯ ᠤᠶᠤᠨ ᠴᠢᠳᠠᠪᠤᠷᠢ ᠵᠡᠷᠭᠡ | ᠬᠠᠮᠲᠤᠷᠠᠯᠴᠠᠭᠠᠨ ᠤ ᠰᠢᠨ᠎ᠡ ᠣᠷᠣᠨ ᠵᠠᠢ ᠶᠢ ᠥᠷᠭᠡᠳᠬᠡᠵᠦ ᠂ ᠬᠤᠶᠠᠷ ᠤᠯᠤᠰ ᠤᠨ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠳᠤ ᠨᠡᠩ ᠤᠯᠠᠨ ᠭᠢᠯᠠᠰ ᠴᠡᠭ ᠢ ᠪᠤᠢ ᠪᠣᠯᠭᠠᠶ᠎ᠠ ᠃ ᠭᠤᠷᠪᠠ ᠳᠤ ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ | ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠮᠢᠵᠢᠷᠠᠯ ᠤᠨ ᠬᠦᠴᠦᠨ ᠢ | ᠨᠡᠮᠡᠭᠳᠡᠭᠦᠯᠵᠦ ᠂ ᠢᠷᠡᠬᠦ ᠵᠢᠯ ︽ ᠳᠤᠮᠳᠠᠳᠤ ᠪᠷᠠᠽᠢᠯ ᠤᠨ ᠰᠣᠶᠣᠯ ᠤᠨ ᠣᠨ ︾ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ ᠂ | ᠰᠣᠶᠣᠯ ᠂ ᠰᠤᠷᠭᠠᠨ ᠬᠥᠮᠦᠵᠢᠯ ᠂ ᠵᠢᠭᠤᠯᠴᠢᠯᠠᠯ ᠂ ᠵᠠᠭᠤᠴᠢᠯᠠᠭᠤᠷ ᠂ ᠣᠷᠣᠨ ᠨᠤᠲᠤᠭ ᠵᠡᠷᠭᠡ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ ᠂ ᠬᠤᠶᠠᠷ ᠲᠠᠯ᠎ᠠ ᠶᠢᠨ ᠬᠥᠮᠥᠰ ᠤᠨ ᠶᠠᠪᠤᠯᠴᠠᠭ᠎ᠠ ᠳᠤ ᠨᠡᠩ ᠤᠯᠠᠨ ᠲᠦᠭᠦᠮ ᠦᠵᠡᠭᠦᠯᠦᠶ᠎ᠡ ᠃ ᠳᠥᠷᠪᠡ ᠳᠤ ᠂ | ᠤᠯᠠᠨ ᠲᠠᠯ᠎ᠠ ᠶᠢᠨ ᠬᠠᠮᠵᠢᠯᠴᠠᠭ᠎ᠠ ᠶᠢ ᠪᠠᠷᠢᠮᠲᠠᠯᠠᠵᠤ ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠴᠢᠨᠠᠷ ᠢ ᠳᠡᠭᠡᠭᠰᠢᠯᠡᠭᠦᠯᠦᠶ᠎ᠡ ᠃ ᠵᠡᠭᠦᠨ ᠪᠠᠷᠠᠭᠤᠨ ᠬᠠᠭᠠᠰ ᠪᠥᠮᠪᠥᠷᠴᠡᠭ ᠤᠨ ᠬᠤᠶᠠᠷ ᠶᠡᠭᠡ ᠬᠥᠭᠵᠢᠵᠦ ᠪᠠᠶᠢᠭ᠎ᠠ | ᠤᠯᠤᠰ ᠪᠣᠯᠤᠭᠰᠠᠨ ᠤ ᠬᠤᠪᠢ ᠳᠤ ᠬᠤᠶᠠᠷ ᠤᠯᠤᠰ ᠢᠶᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠂ ᠠᠯᠳᠠᠨ | ᠲᠣᠭᠤᠰᠭ᠋᠎ᠠ ᠤᠯᠤᠰ ᠤᠳ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠵᠡᠷᠭᠡ ᠤᠯᠠᠨ ᠲᠠᠯᠠᠲᠤ ᠲᠣᠭᠲᠠᠴᠠ ᠳᠠᠬᠢ ᠵᠣᠬᠢᠴᠠᠭᠤᠯᠭ᠎ᠠ | ᠬᠠᠮᠵᠢᠯᠴᠠᠭ᠎ᠠ ᠪᠠᠨ ᠴᠢᠩᠭᠠᠳᠬᠠᠵᠤ ᠂ ᠬᠠᠮᠲᠤ ᠪᠠᠷ ᠤᠯᠠᠨ ᠲᠠᠯᠠᠲᠤ ᠦᠵᠡᠯ ᠢ ᠪᠠᠷᠢᠮᠲᠠᠯᠠᠵᠤ ᠂ ᠪᠦᠭᠦ ᠪᠥᠮᠪᠥᠷᠴᠡᠭ ᠤᠨ | ᠵᠠᠰᠠᠯᠲᠠ ᠶᠢ ᠲᠡᠭᠦᠯᠳᠡᠷᠵᠢᠭᠦᠯᠵᠦ ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠵᠤ ᠂ | ᠲᠤᠭ ᠲᠡᠮᠳᠡᠭ ᠲᠣᠳᠣᠷᠬᠠᠢ ᠪᠠᠷ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠪᠣᠯᠣᠨ ᠡᠵᠡᠷᠬᠡᠵᠦ ᠳᠠᠷᠤᠯᠠᠬᠤ | ᠠᠵᠢᠯᠯᠠᠭ᠎ᠠ ᠶᠢ ᠡᠰᠡᠷᠭᠦᠴᠡᠶ᠎ᠡ ᠭᠡᠵᠦ ᠴᠢᠬᠤᠯᠠᠴᠢᠯᠠᠪᠠ ᠃ | | | | | | 5 ᠰᠠᠷ᠎ᠠ ᠶᠢᠨ 13 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ | ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠰᠢ | ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠶ ᠳᠤ ᠯᠦᠯᠠ ᠶᠢ | ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ ︶ | | ᠯᠦᠯᠠ ᠂ ᠪᠷᠠᠽᠢᠯ ᠳᠤᠮᠳᠠᠳᠤ ᠬᠠᠷᠢᠯᠴᠠᠨ ᠭᠦᠨᠳᠦᠳᠭᠡᠵᠦ ᠂ ᠬᠤᠪᠢ ᠵᠠᠶᠠᠭ᠎ᠠ ᠪᠠᠨ ᠬᠠᠮᠲᠤᠳᠬᠠᠵᠤ ᠂ ᠬᠤᠶᠠᠷ | ᠤᠯᠤᠰ ᠤᠨ ᠬᠠᠷᠢᠯᠴᠠᠭ᠎ᠠ ᠡᠪᠳᠡᠷᠡᠰᠢ ᠦᠭᠡᠢ ᠪᠠᠲᠤ ᠪᠠᠬᠢ ᠪᠠᠶᠢᠵᠤ ᠂ ᠶᠠᠮᠠᠷᠪᠠ ᠭᠠᠳᠠᠭᠠᠳᠤ ᠬᠦᠴᠦᠨ ᠵᠦᠢᠯ ᠤᠨ ᠬᠠᠷᠰᠢᠯᠠᠯ | ᠡᠪᠳᠡᠯᠭᠡ ᠶᠢ ᠬᠦᠯᠢᠶᠡᠬᠦ ᠦᠭᠡᠢ ᠃ ᠪᠤᠰᠤᠳ ᠲᠣᠮᠣ ᠤᠯᠤᠰ ᠲᠠᠢ ᠠᠳᠠᠯᠢ ᠦᠭᠡᠢ ᠨᠢ ᠭᠡᠪᠡᠯ ᠳᠤᠮᠳᠠᠳᠤ ᠤᠯᠤᠰ ᠪᠷᠠᠽᠢᠯ ᠢ | ᠪᠠᠭᠲᠠᠭᠠᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠᠨ | ᠪᠡᠶᠡᠯᠡᠭᠦᠯᠬᠦ ᠶᠢ ᠴᠢᠩ ᠦᠨᠡᠨ ᠰᠡᠳᠬᠢᠯ ᠠᠴᠠ ᠪᠠᠨ ᠳᠡᠮᠵᠢᠭᠰᠡᠭᠡᠷ ᠢᠷᠡᠵᠠᠢ ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠪᠷᠠᠽᠢᠯ ᠳᠤᠮᠳᠠᠳᠤ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ ᠂ ᠨᠡᠩ ᠲᠥᠪ ᠭᠤᠣᠯᠴᠢ ᠂ ᠡᠩᠬᠡ ᠲᠠᠶᠢᠪᠤᠩ ᠂ | ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠶᠢ ᠪᠠᠶᠢᠭᠤᠯᠵᠤ ᠂ ᠡᠯ᠎ᠡ ᠤᠯᠤᠰ ᠲᠤ ᠦᠯᠢᠭᠡᠷ ᠳᠠᠭᠤᠷᠢᠶᠠᠯ ᠪᠣᠯᠣᠨ᠎ᠠ ᠃ | ᠪᠷᠠᠽᠢᠯ ᠤᠨ ᠬᠢᠨ ᠳᠤᠷᠠᠲᠠᠶ᠎ᠠ ᠲᠤᠰ ᠪᠡᠶ᠎ᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ︽ ᠨᠢᠭᠡ ᠪᠦᠰᠡ ᠨᠢᠭᠡ ᠵᠠᠮ ︾ | ᠤᠨ ᠰᠠᠨᠠᠭᠠᠴᠢᠯᠠᠭ᠎ᠠ ᠯᠤᠭ᠎ᠠ ᠵᠣᠯᠭᠠᠭᠤᠯᠵᠤ ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ ᠂ ᠰᠠᠭᠤᠷᠢ ᠲᠥᠬᠦᠭᠡᠷᠦᠮᠵᠢ ᠂ | ᠰᠠᠨᠰᠠᠷ ᠤᠨ ᠠᠶᠠᠯᠠᠯ ᠂ ᠮᠥᠩᠭᠦᠨ ᠭᠦᠢᠯᠭᠡᠭᠡᠨ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ ᠃ | ᠵᠠᠯᠠᠭᠤᠴᠤᠳ ᠤᠨ ᠰᠣᠯᠢᠯᠴᠠᠭ᠎ᠠ ᠂ ᠰᠣᠶᠣᠯ ᠤᠨ ᠰᠣᠯᠢᠯᠴᠠᠭ᠎ᠠ ᠶᠢ ᠥᠷᠭᠡᠳᠬᠡᠵᠦ ᠂ ᠬᠤᠶᠠᠷ ᠤᠯᠤᠰ ᠤᠨ ᠠᠷᠠᠳ ᠲᠦᠮᠡᠨ ᠤ | ᠶᠠᠪᠤᠯᠴᠠᠭ᠎ᠠ ᠪᠠ ᠨᠥᠭᠦᠷᠰᠡᠭ ᠰᠡᠳᠬᠢᠯᠭᠡ ᠶᠢ ᠨᠡᠮᠡᠭᠳᠡᠭᠦᠯᠦᠨ᠎ᠡ ᠃ ᠳᠤᠮᠳᠠᠳᠤ ᠤᠯᠤᠰ ᠤᠨ ᠶᠠᠳᠠᠭᠤ ᠠᠴᠠ | ᠠᠩᠭᠢᠵᠢᠷᠠᠭᠤᠯᠤᠭᠰᠠᠨ ᠠᠮᠵᠢᠯᠲᠠ ᠪᠦᠲᠦᠮᠵᠢ ᠬᠥᠮᠥᠰ ᠢ ᠪᠢᠰᠢᠷᠡᠭᠦᠯᠪᠡ ᠂ ᠪᠷᠠᠽᠢᠯ ᠳᠤᠷᠠᠲᠠᠶ᠎ᠠ ᠳᠤᠮᠳᠠᠳᠤ ᠤᠯᠤᠰ ᠤᠨ | ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ ᠂ ᠨᠡᠩ ᠤᠯᠠᠨ ᠬᠥᠮᠥᠨ ᠢ ᠶᠠᠳᠠᠭᠤ ᠬᠦᠴᠢᠷᠳᠡᠯ ᠪᠠ ᠥᠯᠥᠰᠬᠦᠯᠡᠩ ᠠᠴᠠ | ᠠᠩᠭᠢᠵᠢᠷᠠᠭᠤᠯᠤᠨ᠎ᠠ ᠃ ᠣᠳᠣᠬᠠᠨ ᠤ ᠪᠠᠶᠢᠳᠠᠯ ᠳᠣᠣᠷ᠎ᠠ ᠤᠯᠠᠨ ᠲᠠᠯᠠᠲᠤ ᠦᠵᠡᠯ ᠢ ᠡᠷᠡᠰ ᠬᠠᠮᠠᠭᠠᠯᠠᠬᠤ ᠨᠢ ᠲᠤᠶᠢᠯ ᠤᠨ | ᠴᠢᠬᠤᠯᠠ ᠶᠤᠮ ᠂ ᠬᠠᠮᠠᠭᠠᠯᠠᠬᠤ ᠦᠵᠡᠯ ᠂ ᠪᠣᠭᠤᠮᠲᠠ ᠶᠢᠨ ᠭᠠᠶᠢᠯᠢ ᠶᠢ ᠳᠤᠷ᠎ᠠ ᠪᠠᠷ ᠢᠶᠠᠨ ᠲᠠᠲᠠᠪᠤᠷᠢᠯᠠᠬᠤ ᠨᠢ ᠬᠥᠭᠵᠢᠯ | ᠴᠡᠴᠡᠭᠯᠡᠯ ᠢ ᠠᠪᠴᠢᠷᠠᠵᠤ ᠴᠢᠳᠠᠬᠤ ᠦᠭᠡᠢ ᠂ ᠵᠥᠪᠭᠡᠨ ᠰᠠᠮᠠᠭᠤᠷᠠᠯ ᠢ ᠪᠤᠢ ᠪᠣᠯᠭᠠᠨ᠎ᠠ ᠃ ᠳᠤᠮᠳᠠᠳᠤ ᠤᠯᠤᠰ ᠤᠨ ᠪᠦᠭᠦ | ᠪᠥᠮᠪᠥᠷᠴᠡᠭ ᠤᠨ ᠥᠷᠢᠰᠦᠯᠳᠦᠭᠡᠨ ᠢ ᠠᠷᠭᠠᠴᠠᠭᠠᠬᠤ ᠡᠷᠡᠰ ᠪᠠᠲᠤ ᠣᠪᠣᠷ ᠨᠢ ᠡᠯ᠎ᠡ ᠤᠯᠤᠰ ᠤᠨ ᠬᠦᠴᠦᠨ ᠴᠢᠳᠠᠯ ᠪᠠ | ᠢᠲᠡᠭᠡᠯ ᠵᠣᠷᠢᠭ ᠢ ᠬᠥᠪᠴᠢᠯᠡᠵᠦ ᠪᠠᠶᠢᠨ᠎ᠠ ᠃ ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠤᠯᠤᠰ ᠤᠨ | ᠬᠡᠷᠡᠭ ᠶᠠᠪᠤᠳᠠᠯ ᠳᠠᠬᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ ᠂ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠵᠤ ᠂ ᠳᠡᠯᠡᠬᠡᠢ ᠶᠢᠨ ᠲᠥᠪ | ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠢᠯᠡᠳᠬᠡᠪᠡ ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠵᠤ ᠂ ᠡᠩᠬᠡ | ᠲᠠᠶᠢᠪᠤᠩ ᠢ ᠡᠷᠭᠢᠮᠯᠡᠭᠦ ᠳᠠᠪᠰᠢᠩᠭᠤᠢ ᠬᠦᠴᠦᠨ ᠪᠣᠯᠤᠭᠰᠠᠨ ᠤ ᠬᠤᠪᠢ ᠳᠤ ᠳᠤᠮᠳᠠᠳᠤ ᠪᠠ ᠪᠷᠠᠽᠢᠯ ᠬᠤᠶᠠᠷ ᠤᠯᠤᠰ | ᠣᠯᠣᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ ᠂ ︽ ᠡᠩᠬᠡ ᠲᠠᠶᠢᠪᠤᠩ ᠤᠨ ᠨᠠᠶᠢᠵᠠ ︾ ᠶᠢᠨ ᠳᠤᠭᠤᠶᠢᠯᠠᠩ ᠤᠨ | ᠦᠢᠯᠡᠳᠦᠯ ᠢᠶᠠᠨ ᠪᠠᠳᠠᠷᠠᠭᠤᠯᠵᠤ ᠂ ᠣᠷᠣᠰ ᠪᠣᠯᠣᠨ ᠦᠺᠷᠠᠶᠢᠨ ᠤ ᠰᠢᠭᠤᠳ ᠶᠠᠷᠢᠯᠴᠠᠭ᠎ᠠ ᠬᠢᠬᠦ ᠶᠢ ᠳᠡᠮᠵᠢᠵᠤ ᠂ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠬᠢᠮᠤᠷᠠᠯ ᠢ ᠰᠢᠢᠳᠪᠦᠷᠢᠯᠡᠬᠦ ᠳᠤ ᠪᠦᠲᠦᠭᠡᠯᠴᠢ | ᠴᠢᠨᠠᠷᠲᠠᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠤᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ ᠃ | ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠂ ᠬᠥᠳᠡᠭᠡ ᠠᠵᠤ ᠠᠬᠤᠢ ᠂ ᠲᠣᠭᠠᠴᠢᠯᠠᠭᠰᠠᠨ | ᠠᠵᠤ ᠠᠬᠤᠢ ᠂ ᠮᠥᠩᠭᠦᠨ ᠭᠦᠢᠯᠭᠡᠭᠡᠨ ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠂ ᠵᠠᠭᠤᠴᠢᠯᠠᠭᠤᠷ ᠵᠡᠷᠭᠡ ᠬᠦᠷᠢᠶᠡᠨ ᠤ | 20 ᠬᠤᠪᠢ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ ᠃ | ᠬᠤᠶᠠᠷ ᠲᠠᠯ᠎ᠠ ᠪᠠᠷ ᠢᠶᠠᠨ ︽ ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ | ᠪᠥᠮᠪᠥᠷᠴᠡᠭ ᠢ ᠭᠠᠷ ᠬᠤᠯᠪᠣᠨ ᠪᠠᠶᠢᠭᠤᠯᠬᠤ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠴᠢᠩᠭᠠᠳᠬᠠᠵᠤ ᠂ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠬᠤ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ ︾ ᠪᠣᠯᠣᠨ ︽ | ᠦᠺᠷᠠᠶᠢᠨ ᠤ ᠬᠢᠮᠤᠷᠠᠯ ᠤᠨ ᠲᠤᠬᠠᠢ ᠳᠤᠮᠳᠠᠳᠤ ᠪᠷᠠᠽᠢᠯ ᠤᠨ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠪᠡ ᠃ | ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠯᠦᠯᠠ ᠪᠣᠯᠣᠨ ᠲᠡᠭᠦᠨ ᠤ ᠬᠠᠳᠤᠨ | ᠯᠦᠸᠧᠰᠠᠩᠷᠧᠯᠠ ᠶᠢ ᠤᠭᠲᠤᠬᠤ ᠶᠣᠰᠣᠯᠠᠯ ᠶᠠᠪᠤᠭᠤᠯᠪᠠ ᠃ | ᠯᠦᠯᠠ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠶᠣᠰᠣᠯᠠᠪᠠ ᠃ ᠰᠢ ᠶᠢᠨ ᠫᠢᠩ ᠪᠣᠯᠣᠨ ᠯᠦᠯᠠ ᠰᠢᠯᠭᠠᠨ | ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠠᠩᠭᠢ ᠳᠤᠮᠳᠠᠳᠤ ᠪᠷᠠᠽᠢᠯ ᠬᠤᠶᠠᠷ ᠤᠯᠤᠰ ᠤᠨ ᠤᠯᠤᠰ ᠤᠨ | ᠰᠦᠯᠳᠡ ᠳᠠᠭᠤᠤ ᠶᠢ ᠬᠥᠭᠵᠢᠮᠳᠡᠵᠦ ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ ᠃ | ᠯᠦᠯᠠ ᠰᠢ ᠶᠢᠨ ᠫᠢᠩ ᠤᠨ ᠪᠡᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ | ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃ | ᠲᠤᠰ ᠣᠷᠣᠢ ᠰᠢ ᠶᠢᠨ ᠫᠢᠩ ᠪᠣᠯᠣᠨ ᠫᠧᠩ ᠯᠢ ᠶᠤᠸᠠᠨ ᠯᠦᠯᠠ ᠪᠣᠯᠣᠨ ᠲᠡᠭᠦᠨ ᠤ ᠬᠠᠳᠦᠨ ᠢ ᠤᠭᠲᠤᠬᠤ | ᠳᠠᠶᠢᠯᠠᠯᠭ᠎ᠠ ᠬᠢᠪᠡ ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | |